ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ ᠶᠢᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/6/11
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ᠠᠵᠢᠯ ᠤᠨ ᠬᠡᠷᠡᠭᠴᠡᠭᠡ ᠠᠴᠠ ᠪᠤᠯᠵᠤ᠂ ᠣᠲᠣ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ ᠶᠢᠨ ᠠᠵᠢᠯ ᠤᠨ ᠬᠤ‌‍ᠪᠢᠶᠠᠷᠢᠯᠠᠯ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠄   ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠰᠢᠤᠢ ᠯᠢ ᠴᠢᠶᠦ᠋ᠨ ᠨᠥᠬᠦᠷ᠂ ᠬᠤᠰᠢᠭᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ᠂ ᠮᠡᠳᠡᠭᠡ ᠵᠠᠩᠭᠢ ᠶᠢᠨ ᠲᠥᠪ᠂ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃   ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠸᠠᠩ ᠸᠧᠨ ᠹᠧᠩ ᠨᠥᠬᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠾᠧ ᠱᠧᠩ ᠪᠦᠦ ᠨᠦᠬᠦᠷ ᠢ ᠬᠠᠪᠰᠤᠷᠤᠨ ᠠᠵᠢᠯᠯᠠᠵᠤ᠂ ᠰᠢᠤᠢ ᠯᠢ ᠴᠢᠶᠦ᠋ᠨ ᠨᠥᠬᠦᠷ ᠢ ᠬᠠᠪᠰᠤᠷᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠷᠢᠨ ᠪᠢᠴᠢᠭᠡᠴᠢ᠂ ᠠᠯᠪᠠᠨ ᠪᠢᠴᠢᠭ ᠶᠠᠪᠤᠭᠤᠯᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠵᠢᠯ ᠶᠠᠪᠤᠳᠠᠯ ᠵᠢᠴᠢ ᠠᠵᠢᠯ ᠲᠦᠷᠦᠯ ᠤᠨ ᠰᠢᠰᠲ᠋ᠧᠮ ᠤᠨ ᠬᠢᠨ ᠤ ᠡᠮᠦᠨ᠎ᠡ ᠹᠷᠣᠨᠲ ᠤᠨ ᠵᠠᠰᠠᠭ ᠤᠨ ᠣᠷᠳᠣᠨ ᠤ  ᠱᠠᠭᠠᠷᠳᠠᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠡᠳ᠋ ᠤᠨ ᠶᠠᠪᠤᠳᠠᠯ ᠤᠨ ᠲᠠᠰᠤᠭ᠂ ᠨᠠᠷᠢᠨ ᠪᠢᠴᠢᠭ ᠤᠨ ᠶᠡᠷᠦᠩᠬᠡᠶᠢᠯᠡᠭᠰᠡᠨ ᠲᠠᠰᠤᠭ᠂ ᠰᠣᠶᠣᠯ ᠴᠠᠬᠢᠯᠭᠠᠨ ᠮᠡᠳᠡᠭᠡᠨ ᠤ ᠬᠤᠷᠠᠯ ᠤᠨ ᠲᠠᠰᠤᠭ᠂ ᠮᠡᠳᠡᠭᠡ ᠵᠠᠩᠭᠢ ᠪᠠᠶᠢᠴᠠᠭᠠᠨ ᠰᠤᠳᠤᠯᠬᠤ ᠲᠠᠰᠤᠭ ᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ  ᠵᠣᠴᠢᠯᠠᠬᠤ ᠠᠵᠢᠯ ᠤᠨ ᠠᠯᠪᠠᠨ ᠭᠡᠷ᠂ ᠪᠠᠶᠢᠭᠤᠯᠭ᠎ᠠ ᠶᠢᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠬᠦᠯᠦᠨ ᠪᠦᠢᠷ ᠬᠤᠲᠠ ᠳᠤ ᠰᠠᠭᠤᠭ᠎ᠠ ᠬᠤᠯᠪᠣᠭ᠎ᠠ ᠠᠪᠬᠤ ᠠᠯᠪᠠᠨ ᠭᠡᠷ᠂ ᠬᠤᠰᠢᠭᠤᠨ ᠤ ᠵᠠᠰᠠᠭ ᠤᠨ ᠣᠷᠳᠣᠨ ᠤ ᠬᠠᠶᠢᠯᠠᠷ ᠳᠤ ᠰᠠᠭᠤᠭ᠎ᠠ ᠬᠤᠯᠪᠣᠭ᠎ᠠ ᠠᠪᠬᠤ ᠠᠯᠪᠠᠨ ᠭᠡᠷ ᠲᠠᠢ ᠬᠠᠷᠢᠯᠴᠠᠨ᠎ᠠ᠃    ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠸᠠᠩ ᠾᠧ ᠰᠢᠨ ᠨᠥᠬᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠱᠤᠤ ᠬᠤᠩ ᠵᠢᠶᠦ᠋ᠨ ᠨᠥᠬᠦᠷ ᠢ ᠬᠠᠪᠰᠤᠷᠴᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠵᠢᠶᠦ᠋ᠨ ᠯᠢᠶᠠᠩ ᠨᠥᠬᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠠ ᠸᠧᠨ ᠰᠢᠶᠠᠩ ᠨᠥᠬᠦᠷ᠂ ᠰᠢᠤᠢ ᠯᠢ ᠴᠢᠶᠦ᠋ᠨ ᠨᠥᠬᠦᠷ ᠢ ᠬᠠᠪᠰᠤᠷᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯᠲᠠᠨ ᠤ ᠶᠠᠪᠤᠳᠠᠯ ᠵᠢᠴᠢ ᠠᠵᠢᠯ ᠲᠥᠷᠥᠯ ᠤᠨ ᠰᠢᠰᠲ᠋ᠧᠮ ᠤᠨ ᠬᠢᠨ ᠤ ᠹᠷᠣᠨᠲ ᠲᠠᠬᠢ ᠵᠠᠰᠠᠭ ᠤᠨ ᠣᠷᠳᠣᠨ ᠤ ᠬᠢᠨᠠᠨ ᠪᠠᠶᠢᠴᠠᠭᠠᠯᠲᠠ ᠵᠡᠷᠭᠡ ᠠᠵᠢᠯ ᠢ ᠬᠠᠷᠢᠭᠤᠴᠠᠵᠤ᠂ ᠸᠠᠩ ᠸᠧᠨ ᠹᠧᠩ ᠨᠥᠬᠦᠷ ᠲᠤ ᠬᠠᠪᠰᠤᠷᠤᠨ ᠨᠠᠷᠢᠨ ᠪᠢᠴᠢᠭᠡᠴᠢ᠂ ᠠᠯᠪᠠᠨ ᠪᠢᠴᠢᠭ ᠶᠠᠪᠤᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠬᠠᠤᠯᠢ ᠲᠣᠭᠲᠠᠭᠠᠯ ᠢ ᠬᠢᠨᠠᠨ ᠬᠠᠷᠭᠤᠭᠤᠯᠬᠤ ᠲᠠᠰᠤᠭ ᠢ ᠬᠤᠪᠢᠳᠠᠨ ᠬᠠᠮᠢᠶᠠᠷᠤᠨ᠎ᠠ᠃   ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠼᠤᠤ ᠹᠦ᠋ ᠰᠢᠦᠸᠠᠨ ᠨᠥᠬᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠱᠣ᠋ ᠯᠢᠩ ᠨᠥᠬᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠰᠦᠩ ᠬᠠᠨ ᠴᠧᠨ ᠨᠥᠬᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠠᠩ ᠰᠢᠤᠢ ᠱᠧᠩ ᠨᠥᠬᠦᠷ᠂ ᠬᠤᠰᠢᠭᠤᠨ ᠤ ᠵᠠᠰᠠᠭ ᠣᠨ ᠣᠷᠳᠣᠨ ᠤ ᠳᠡᠳ᠋ ᠳᠠᠷᠤᠭ᠎ᠠ ᠾᠧ ᠬᠠᠢ ᠶᠦᠩ ᠨᠥᠬᠦᠷ᠂ ᠬᠤᠰᠢᠭᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠽᠠᠩ ᠴᠦᠨ ᠰᠢᠤᠢ ᠨᠥᠬᠦᠷ ᠢ ᠬᠠᠪᠰᠤᠷᠴᠤ ᠠᠵᠢᠯᠯᠠᠨ᠂ ᠰᠢᠤᠢ ᠯᠢ ᠴᠢᠶᠦ᠋ᠨ ᠨᠥᠬᠦᠷ ᠢ ᠬᠠᠪᠰᠤᠷᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ᠂ ᠭᠠᠳᠠᠭᠠᠳᠤ ᠶᠠᠪᠤᠳᠠᠯ᠂ ᠦᠭᠡᠷᠡᠴᠢᠯᠡᠯᠲᠡ ᠵᠢᠴᠢ ᠠᠵᠢᠯ ᠲᠥᠷᠥᠯ ᠤᠨ ᠰᠢᠰᠲ᠋ᠧᠮ ᠤᠨ ᠬᠦᠷᠢᠶᠡᠨ ᠳᠠᠬᠢ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠵᠤ᠂ ᠸᠠᠩ  ᠸᠧᠨ ᠹᠧᠩ ᠨᠥᠬᠦᠷ ᠲᠤ ᠬᠠᠪᠰᠤᠷᠤᠨ ᠨᠠᠷᠢᠨ ᠪᠢᠴᠢᠭᠡᠴᠢ᠂ ᠠᠯᠪᠠᠨ ᠪᠢᠴᠢᠭ ᠶᠠᠪᠤᠭᠤᠯᠬᠤ ᠵᠡᠷᠭᠡ ᠠᠵᠢᠯ ᠢ  ᠬᠠᠷᠢᠭᠤᠴᠠᠨ᠎ᠠ᠃ ᠥᠭᠡᠷᠡᠴᠢᠯᠡᠯᠲᠡ ᠶᠢᠨ ᠠᠯᠪᠠᠨ ᠭᠡᠷ᠂ ᠭᠠᠳᠠᠭᠠᠳᠤ ᠶᠠᠪᠤᠳᠠᠯ ᠤᠨ ᠲᠠᠰᠤᠭ᠂ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠲᠠᠰᠤᠭ ᠢ ᠬᠤᠪᠢᠳᠠᠨ ᠬᠠᠮᠢᠶᠠᠷᠤᠨ᠎ᠠ᠃2020ᠤᠨ ᠤ5 ᠰᠠᠷ᠎ᠠ ᠶᠢᠨ18 ᠤ ᠡᠳᠤᠷ
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ