ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠦᠴᠢᠷ ᠲᠤ᠄ | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 190 ᠳ᠋ᠦᠭᠡᠷ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ | ᠂ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠢᠨᠠᠨ | ᠵᠥᠪᠰᠢᠶᠡᠷᠡᠬᠦ ᠳᠡᠰ ᠳᠠᠷᠠᠭᠠᠯᠠᠯ ᠢ ᠵᠢᠷᠤᠮᠵᠢᠭᠤᠯᠬᠤ ᠲᠤᠬᠠᠶ ᠮᠡᠳᠡᠭᠳᠡᠯ︾ ︵ᠤᠷᠴᠤᠨ ᠵᠠᠰᠠᠭ ᠤᠨ ᠠᠯᠪᠠᠨ ᠦᠰᠦᠭ ﹇2013﹈ 80 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠪᠣᠳᠠᠲᠤ | ᠪᠠᠢᠳᠠᠯ ᠲᠠᠢ ᠤᠶᠠᠯᠳᠤᠭᠤᠯᠤᠨ᠂ ᠬᠤᠰᠢᠭᠤᠨ ᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠵᠤ᠂ ᠳᠣᠣᠷᠠᠬᠢ ᠱᠠᠭᠠᠷᠳᠠᠯᠭ᠎ᠠ ᠶᠢ ᠳᠤᠷᠠᠳᠪᠠ᠂ ᠡᠯ᠎ᠡ ᠰᠢᠶᠠᠩ | ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠥᠴᠢᠷ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | ᠨᠢᠭᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 190 ᠳ᠋ᠦᠭᠡᠷ ᠲᠣᠭᠠᠲᠤ ᠬᠡᠰᠡᠭ ᠤᠨ ᠲᠣᠭᠲᠠᠭᠠᠯ | ᠪᠣᠯᠤᠨ ᠠᠷᠭ᠎ᠠ | ︵ᠨᠢᠭᠡ︶ ︽ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠲᠥᠷᠥ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠣᠭᠲᠠᠭᠠᠯ︾ ᠤᠨ ᠭᠤᠷᠪᠠᠳᠤᠭᠠᠷ ᠵᠦᠢᠯ ᠤᠨ ᠶᠢᠰᠦᠳᠦᠭᠡᠷ | ᠪᠠᠳᠠᠭ᠄ ᠠᠭᠠᠷ ᠤᠨ ᠰᠡᠷᠭᠡᠶᠢᠯᠡᠯᠲᠡ ᠶᠢᠨ ᠨᠦᠬᠡᠨ ᠭᠡᠷ ᠪᠠᠶᠢᠭᠤᠯᠬᠤ ᠶᠣᠰᠣᠲᠠᠶ ᠪᠠᠷᠢᠯᠭ᠎ᠠ ᠶᠢᠨ ᠲᠥᠷᠥᠯ ᠵᠦᠢᠯ ᠳᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠵᠦᠪᠰᠢᠶᠡᠷᠡᠭᠰᠡᠨ ᠦᠭᠡᠢ ᠪᠠᠶᠢᠳᠠᠯ ᠳᠤᠤᠷ᠎ᠠ᠂ ᠪᠦᠲᠦᠭᠡᠨ ᠪᠠᠶᠢᠭᠤᠯᠬᠤ ᠰᠠᠯᠠᠭ᠎ᠠ ᠮᠦᠴᠢᠷ ᠪᠠ ᠭᠠᠯ | ᠤᠨᠲᠠᠷᠠᠭᠠᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠭᠠᠷᠳᠠᠮ ᠢ ᠭᠦᠢᠴᠡᠳᠬᠡᠵᠦ ᠪᠤᠯᠬᠤ ᠦᠭᠡᠢ᠃ | ︵ᠬᠤᠶᠠᠷ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠠᠷᠪᠠᠨ ᠵᠢᠷᠭᠤᠳᠤᠭᠠᠷ ᠵᠦᠢᠯ ᠤᠨ ᠨᠢᠭᠡᠳᠦᠭᠡᠷ ᠪᠠᠳᠠᠭ᠄ ᠰᠢᠨ᠎ᠡ ᠪᠠᠷ ᠪᠠᠶᠢᠭᠤᠯᠬᠤ ᠠᠷᠠᠳ ᠤᠨ | ᠬᠡᠷᠡᠭᠯᠡᠭᠡᠨ ᠤ ᠪᠠᠷᠢᠯᠭ᠎ᠠ ᠶᠢᠨ ᠲᠥᠷᠥᠯ ᠵᠦᠢᠯ ᠨᠢ᠂ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠠᠴᠠ ᠡᠮᠦᠨ᠎ᠡ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠬᠢᠨᠠᠨ ᠬᠠᠷᠭᠤᠭᠤᠯᠬᠤ ᠭᠠᠷᠳᠠᠮ ᠢ ᠬᠠᠤᠯᠢ ᠶᠣᠰᠣᠭᠠᠷ ᠭᠦᠢᠴᠡᠳᠬᠡᠬᠦ | ᠬᠡᠷᠡᠭᠲᠡᠶ᠃ | ︵ᠭᠤᠷᠪᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠠᠷᠪᠠᠨ ᠳᠣᠯᠣᠳᠤᠭᠠᠷ ᠵᠦᠢᠯ᠄ ᠭᠠᠵᠠᠷ ᠳᠣᠤᠷᠠᠬᠢ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ | ᠰᠢᠨ᠎ᠡ ᠪᠠᠷ ᠪᠠᠶᠢᠭᠤᠯᠬᠤ ᠶᠤᠰᠤᠲᠠᠢ ᠠᠷᠠᠳ ᠤᠨ ᠬᠡᠷᠡᠭᠯᠡᠭᠡᠨ ᠤ ᠪᠠᠷᠢᠯᠭ᠎ᠠ ᠨᠢ᠂ ᠲᠡᠭᠦᠨ ᠤ ᠭᠠᠵᠠᠷ ᠳᠣᠤᠷᠠᠬᠢ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ | ᠬᠡᠰᠡᠭ ᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠭᠤᠯᠤᠭᠰᠠᠨ ᠪᠠᠶᠢᠬᠤ ᠬᠡᠷᠡᠭᠲᠡᠢ᠂ ᠬᠢᠨᠠᠨ | ᠬᠠᠷᠭᠤᠭᠤᠯᠤᠭᠰᠠᠨ ᠦᠭᠡᠶ ᠪᠣᠯ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠵᠥᠪᠰᠢᠶᠡᠷᠡᠭᠰᠡᠨ ᠪᠢᠴᠢᠭ ᠣᠯᠭᠤᠵᠤ ᠪᠣᠯᠬᠤ ᠦᠭᠡᠶ᠃ ᠲᠥᠯᠥᠪᠵᠢᠭᠦᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠣᠯᠭᠤᠵᠤ ᠪᠣᠯᠬᠤ ᠦᠭᠡᠢ᠂ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠬᠤ ᠵᠥᠪᠰᠢᠶᠡᠷᠡᠯ ᠤᠨ ᠦᠨᠡᠮᠯᠡᠯ ᠣᠯᠭᠤᠵᠤ ᠪᠣᠯᠬᠤ ᠦᠭᠡᠢ᠃ | ᠬᠤᠶᠠᠷ᠂ ᠠᠵᠢᠯ ᠤᠨ ᠪᠣᠳᠠᠲᠠᠶ ᠱᠠᠭᠠᠷᠳᠠᠯᠭ᠎ᠠ | ︵ᠨᠢᠭᠡ︶ ᠠᠷᠠᠳ ᠤᠨ ᠠᠭᠠᠷ ᠤᠨ ᠰᠡᠷᠭᠡᠶᠢᠯᠡᠯᠲᠡ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠲᠦᠪᠴᠢᠶᠠ᠂ ᠲᠦᠯᠦᠪᠵᠢᠭᠦᠯᠭᠡ ᠶᠢᠨ ᠲᠤᠪᠴᠢᠶ᠎ᠠ᠂ ᠤᠯᠤᠰ ᠤᠨ ᠭᠠᠵᠠᠷ ᠰᠢᠷᠣᠶ ᠶᠢᠨ ᠲᠤᠪᠴᠢᠶ᠎ᠠ᠂ ᠭᠠᠯ ᠤᠨᠲᠠᠷᠠᠭᠠᠬᠤ ᠬᠡᠯᠲᠡᠰ ᠵᠡᠷᠭᠡ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠨᠢᠭᠲᠠ ᠬᠠᠮᠵᠢᠯᠴᠠᠬᠤ ᠬᠡᠷᠡᠭᠲᠡᠶ᠃ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠮᠲᠤᠷᠠᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠤᠯᠠᠮ ᠨᠢᠭᠡ | ᠠᠯᠬᠤᠮ ᠵᠢᠷᠤᠮᠵᠢᠭᠤᠯᠵᠤ᠂ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠢᠨᠠᠨ | ᠵᠥᠪᠰᠢᠶᠡᠷᠡᠬᠦ ᠳᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠶ᠃ ᠬᠥᠭᠵᠢᠭᠦᠯᠦᠯᠲᠡ ᠥᠭᠡᠷᠡᠴᠢᠯᠡᠯᠲᠡ` ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠤᠳ ᠥᠪᠡᠷᠲᠡᠭᠡᠨ | ᠵᠠᠰᠠᠬᠤ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠲᠥᠷᠥᠯ ᠵᠦᠢᠯ ᠪᠠ ᠪᠠᠷᠢᠯᠭ᠎ᠠ ᠶᠢᠨ ᠲᠦᠯᠦᠨᠪᠵᠢᠭᠦᠯᠭᠡ ︵ᠪᠠᠷᠢᠯᠭ᠎ᠠ | ᠪᠠᠷᠢᠬᠤ︶ ᠲᠥᠷᠥᠯ ᠵᠦᠢᠯ ᠤᠨ ᠨᠠᠷᠢᠨ ᠲᠣᠳᠣᠷᠬᠠᠶ ᠵᠡᠷᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠩᠭᠠᠬᠤ ᠬᠡᠷᠡᠭᠲᠡᠶ᠃ | ︵ᠬᠤᠶᠠᠷ︶ ᠥᠪᠡᠷᠲᠡᠭᠡᠨ ᠵᠠᠰᠠᠬᠤ ᠬᠤᠰᠢᠭᠤᠨ ᠤ ᠬᠡᠪᠴᠢᠶᠡᠨ ᠳᠠᠬᠢ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠲᠥᠷᠥᠯ ᠵᠦᠢᠯ | ᠪᠦᠬᠦᠨ᠂ ︽ᠪᠠᠷᠢᠯᠭ᠎ᠠ ᠶᠢᠨ ᠠᠵᠢᠯ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾ ᠢ ᠭᠦᠢᠴᠡᠳᠬᠡᠬᠦ ᠠᠴᠠ ᠡᠮᠤᠨ᠎ᠡ ︽ᠬᠠᠮᠢᠶᠠᠷᠤᠯᠲᠠ ᠶᠢᠨ ᠲᠣᠭᠲᠠᠭᠠᠯ︾ | ᠶᠣᠰᠣᠭᠠᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠷᠭᠤᠭᠤᠯᠬᠤ ᠭᠠᠷᠳᠠᠮ ᠭᠦᠢᠴᠡᠳᠬᠡᠬᠦ ᠪᠤᠶᠤ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠠᠶᠢᠭᠤᠯᠬᠤ ᠰᠦᠢᠳᠭᠡᠯ ᠲᠤᠰᠢᠶᠠᠬᠤ ᠬᠡᠷᠡᠭᠲᠡᠶ᠃ ᠲᠣᠭᠲᠠᠭᠠᠯ ᠶᠣᠰᠣᠭᠠᠷ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠭᠦᠢᠴᠡᠳᠬᠡᠭᠰᠡᠨ ᠦᠭᠡᠢ ᠪᠤᠶᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠣ ᠭᠠᠵᠠᠷ | ᠪᠠᠶᠢᠭᠤᠯᠬᠤ ᠰᠦᠢᠳᠬᠡᠯ ᠲᠤᠰᠢᠶᠠᠭᠰᠠᠨ ᠦᠭᠡᠢ ᠪᠠᠶᠢᠳᠠᠯ ᠳᠤᠤᠷ᠎ᠠ᠂ ᠲᠥᠯᠥᠪᠵᠢᠭᠦᠯᠭᠡ ᠶᠢᠨ ᠰᠠᠯᠠᠭ᠎ᠠ ᠮᠥᠴᠢᠷ ᠨᠢ ︽ᠪᠠᠷᠢᠯᠭ᠎ᠠ ᠶᠢᠨ ᠠᠵᠢᠯ ᠤᠨ | ᠲᠥᠯᠥᠪᠵᠢᠭᠦᠯᠭᠡ ᠶᠢᠨ ᠵᠦᠪᠰᠢᠶᠡᠷᠡᠯ ᠤᠨ ᠦᠨᠡᠮᠯᠡᠯ︾ ᠢ ᠭᠦᠢᠴᠡᠳᠬᠡᠵᠦ ᠪᠣᠯᠬᠤ ᠦᠭᠡᠶ᠂ ᠣᠷᠣᠨ ᠰᠠᠭᠤᠴᠠ ᠪᠠ ᠪᠠᠷᠢᠯᠭ᠎ᠠ ᠶᠢᠨ ᠰᠠᠯᠠᠭ᠎ᠠ ᠮᠥᠴᠢᠷ ︽ | ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠦᠨᠡᠮᠯᠡᠯ︾ ᠵᠡᠷᠭᠡ ᠬᠠᠮᠢᠶ᠎ᠠ ᠪᠦᠬᠦᠢ ᠭᠠᠷᠳᠠᠮ ᠢ ᠣᠯᠭᠤᠵᠤ ᠪᠣᠯᠬᠤ ᠦᠭᠡᠶ᠃ | 2020ᠤᠨ ᠤ4 ᠰᠠᠷ᠎ᠠ ᠶᠢᠨ27 ᠤ ᠡᠳᠤᠷ | |