| | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠬᠦ ᠪᠠ ᠳᠡᠯᠭᠡᠷᠡᠬᠦ ᠶᠢ ᠰᠡᠷᠭᠡᠶᠢᠯᠡᠨ ᠬᠢᠵᠠᠭᠠᠷᠯᠠᠵᠤ᠂ ᠬᠠᠯᠳᠠᠪᠤᠷᠢᠲᠤ ᠡᠪᠡᠳᠴᠢᠨ | ᠡᠭᠦᠰᠬᠦ ᠪᠠ ᠳᠡᠯᠭᠡᠷᠡᠬᠦ ᠶᠢ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠤᠰᠠᠳᠠ᠂ ︽ᠪᠦ᠋ᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ︽ᠪᠦᠬᠦ ᠤᠯᠤᠰ ᠤᠨ ᠡᠪᠡᠳᠴᠢᠨ ᠤ ᠵᠠᠭᠤᠴᠢ ᠠᠮᠢᠳᠤ | ᠪᠣᠳᠠᠰ ᠢ ᠰᠡᠷᠭᠡᠶᠢᠯᠡᠨ ᠬᠢᠵᠠᠭᠠᠷᠯᠠᠬᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦ᠋ᠬᠦᠢ ᠲᠣᠭᠲᠠᠭᠠᠯ ᠢ ᠦᠨᠳᠦᠰᠦᠯᠡᠨ᠂ ᠲᠤᠰ ᠬᠤᠳᠠ ᠶᠢᠨ ᠢᠶᠠᠨ | ᠪᠤᠳᠠᠳᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠬᠤᠲᠠ ᠶᠢᠨ ᠵᠠᠰᠠᠭ ᠵᠠᠬᠢᠷᠭᠠᠨ ᠤ ᠬᠠᠷᠢᠶ᠎ᠠ ᠣᠷᠣᠨ ᠪᠦᠰᠡ ᠶᠢᠨ ᠳᠣᠲᠣᠷᠠᠬᠢ ᠡᠪᠡᠳᠴᠢᠨ ᠤ ᠵᠠᠭᠤᠴᠢ ᠠᠮᠢᠳᠤ ᠪᠣᠳᠠᠰ ᠢ | ᠰᠡᠷᠭᠡᠶᠢᠯᠡᠨ ᠬᠢᠵᠠᠭᠠᠷᠯᠠᠬᠤ ᠬᠠᠮᠢᠶᠠᠷᠤᠯᠲᠠ ᠶᠢᠨ ᠠᠵᠢᠯ ᠳᠤ ᠲᠤᠰ ᠠᠷᠭ᠎ᠠ ᠶᠢ ᠲᠤᠬᠢᠷᠠᠭᠤᠯᠤᠨ ᠬᠡᠷᠡᠭᠯᠡᠨ᠎ᠡ᠃ ᠲᠤᠰ ᠠᠷᠭ᠎ᠠ ᠳᠤ ᠬᠡᠯᠡᠵᠦ ᠪᠠᠶᠢᠭ᠎ᠠ ᠡᠪᠡᠳᠴᠢᠨ ᠤ | ᠵᠠᠭᠤᠴᠢ ᠠᠮᠢᠳᠤ ᠪᠣᠳᠠᠰ ᠭᠡᠳᠡᠭ ᠨᠢ ᠡᠪᠡᠳᠴᠢᠨ ᠡᠭᠦᠰᠭᠡᠭᠴᠢ ᠶᠢ ᠬᠥᠮᠦᠨ ᠪᠤᠶᠤ ᠪᠤᠰᠤᠳ ᠠᠮᠢᠲᠠᠨ ᠠᠴᠠ ᠬᠥᠮᠦᠨ ᠳᠤ ᠳᠠᠮᠵᠢᠭᠤᠯᠤᠨ ᠥᠭᠴᠦ᠂ ᠠᠷᠠᠳ ᠣᠯᠠᠨ ᠤ | ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠰᠦᠷᠳᠡᠭᠦᠯᠬᠦ ᠠᠮᠢᠳᠤ ᠪᠣᠳᠠᠰ ᠢ ᠵᠢᠭᠠᠵᠤ ᠪᠤᠶ᠂ ᠡᠭᠦᠨ ᠳᠤ ᠬᠤᠯᠤᠭᠠᠨ᠎ᠠ᠂ ᠪᠠᠲᠠᠭᠠᠨ᠎ᠠ᠂ ᠢᠯᠠᠭ᠎ᠠ᠂ ᠵᠤᠤᠮ᠎ᠠ ᠵᠡᠷᠭᠡ | ᠪᠠᠭᠲᠠᠨ᠎ᠠ᠃ | ᠭᠤᠷᠪᠠᠳᠤᠭᠠᠷ ᠵᠦᠢᠯ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠬᠠᠮᠢᠶᠠᠷᠤᠯᠲᠠ ᠳᠤ ᠰᠡᠷᠭᠡᠶᠢᠯᠡᠬᠦ ᠪᠠᠷ ᠭᠤᠤᠯ ᠪᠣᠯᠭᠠᠬᠤ᠂ | ᠥᠩᠭᠡᠨ ᠲᠠᠯ᠎ᠠ ᠪᠠ ᠡᠬᠢ ᠦᠨᠳᠦᠰᠦ ᠶᠢ ᠵᠡᠷᠭᠡᠪᠡᠷ ᠵᠠᠰᠠᠵᠤ᠂ ᠣᠯᠠᠨ ᠲᠦᠮᠡᠨ ᠤ ᠵᠠᠰᠠᠯᠳᠠ ᠬᠢᠭᠡᠳ ᠲᠤᠰᠬᠠᠶ ᠵᠠᠰᠠᠯᠲᠠ᠂ ᠲᠥᠪᠯᠡᠷᠡᠭᠦᠯᠦᠨ ᠵᠠᠰᠠᠯᠲᠠ ᠬᠢᠭᠡᠳ ᠡᠳᠦᠷ | ᠲᠤᠲᠤᠮ ᠤᠨ ᠵᠠᠰᠠᠯᠲᠠ ᠶᠢ ᠤᠶᠠᠯᠳᠤᠭᠤᠯᠬᠤ ᠵᠠᠷᠴᠢᠮ ᠢ ᠵᠢᠷᠤᠮᠯᠠᠨ᠎ᠠ᠃ ᠵᠠᠰᠠᠭ ᠤᠨ ᠣᠷᠳᠣᠨ ᠵᠣᠬᠢᠶᠠᠨ ᠪᠠᠶᠢᠭᠤᠯᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ | ᠨᠡᠶᠢᠭᠡᠮ ᠤᠨ ᠬᠢᠨ ᠣᠷᠣᠯᠴᠠᠬᠤ ᠠᠵᠢᠯ ᠤᠨ ᠴᠢᠭᠯᠡᠯᠲᠡ ᠶᠢ ᠪᠠᠷᠢᠮᠲᠠᠯᠠᠨ᠂ ᠣᠷᠴᠢᠨ ᠲᠣᠭᠤᠷᠢᠨ ᠢ ᠵᠠᠰᠠᠵᠤ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠬᠦ | ᠨᠥᠬᠦᠴᠡᠯ ᠢ ᠠᠷᠢᠯᠭᠠᠬᠤ ᠪᠠᠷ ᠭᠤᠣᠯ ᠪᠣᠯᠭᠠᠨ᠂ ᠰᠢᠭᠤᠳ ᠠᠯᠠᠵᠤ ᠤᠰᠠᠳᠬᠠᠬᠤ ᠪᠠᠷ ᠬᠠᠪᠰᠤᠷᠤᠮᠵᠢ ᠪᠣᠯᠭᠠᠭᠰᠠᠨ ᠶᠡᠷᠦᠩᠬᠡᠶᠢᠯᠡᠨ ᠰᠡᠷᠭᠡᠶᠢᠯᠡᠬᠦ ᠠᠷᠭ᠎ᠠ ᠠᠪᠴᠠᠯ ᠢ | ᠬᠡᠷᠡᠭᠯᠡᠨ᠎ᠡ᠃ | ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠲᠤᠬᠠᠶ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠡᠭᠡᠨ ᠣᠷᠣᠭᠤᠯᠵᠤ᠂ ᠲᠤᠰ ᠵᠠᠰᠠᠭ | ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠡᠷᠡᠭᠰᠡᠬᠦ ᠠᠵᠢᠯᠲᠠᠨ᠂ ᠵᠠᠷᠤᠳᠠᠯ᠂ | ᠲᠥᠬᠦᠭᠡᠷᠦᠮᠵᠢ ᠵᠡᠷᠭᠡ ᠳᠤ ᠲᠥᠷᠥ ᠶᠢᠨ ᠪᠣᠳᠣᠯᠭ᠎ᠠ ᠪᠣᠯᠤᠨ ᠵᠠᠷᠤᠳᠠᠯ ᠤᠨ ᠪᠠᠲᠤᠯᠠᠭ᠎ᠠ ᠬᠠᠩᠭᠠᠨ᠎ᠠ᠃ | ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠲᠠᠢ ᠤᠶᠠᠯᠳᠤᠭᠤᠯᠤᠨ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡᠳᠦᠯᠲᠡᠶ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠪᠡᠳᠴᠢᠨ ᠤ ᠵᠠᠭᠤᠴᠢ ᠠᠮᠢᠳᠤ | ᠪᠣᠳᠠᠰ ᠵᠢᠴᠢ ᠲᠡᠭᠦᠨ ᠤ ᠦᠷᠡᠵᠢᠬᠦ ᠲᠠᠯᠠᠪᠤᠷ ᠢ ᠠᠷᠢᠯᠭᠠᠵᠤ᠂ ᠡᠯ᠎ᠡ ᠲᠥᠷᠥᠯ ᠤᠨ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠶᠢ ᠤᠯᠤᠰ ᠠᠴᠠ | ᠲᠣᠭᠲᠠᠭᠠᠭᠰᠠᠨ ᠪᠠᠷᠢᠮᠵᠢᠶ᠎ᠠ ᠶᠢᠨ ᠳᠣᠲᠣᠷ᠎ᠠ ᠬᠢᠵᠠᠭᠠᠷᠯᠠᠨ᠎ᠠ᠃ | | |