ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠲᠣᠭᠲᠠᠭᠠᠯ
ᠨᠡᠶᠢᠲᠡᠯᠡᠭᠰᠡᠨ ᠴᠠᠭ᠄
2021/4/21
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ︽ᠤᠯᠤᠰ ᠤᠨ ᠥᠮᠴᠢᠯᠡᠯ ᠤᠨ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠬᠦ ᠳᠦᠷᠢᠮ︾᠂ ︽ᠤᠯᠤᠰ ᠤᠨ ᠥᠮᠴᠢᠯᠡᠯ ᠤᠨ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠶᠢ ᠦᠨᠡᠯᠡᠨ ᠵᠢᠱᠢᠬᠦ ᠠᠷᠭ᠎ᠠ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠬᠦ ᠳᠦᠷᠢᠮ︾ ᠵᠢᠴᠢ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠲᠠ ᠶᠢᠨ ᠶᠡᠷᠦᠩᠬᠡᠶ ᠲᠥᠯᠥᠪᠵᠢᠭᠦᠯᠭᠡ ︵2011 ᡺ 2030︶︾ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠠᠴᠠ ᠺᠧ ᠢ ᠾᠧ ᠪᠠᠯᠭᠠᠰᠤᠨ ᠤ ᠢᠭ᠎ᠠ ᠱᠤᠭᠤᠮ ᠤᠨ K71+973 ᠡᠩ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠳᠤ ᠬᠤᠯᠪᠣᠭᠳᠠᠭᠰᠠᠨ ᠬᠡᠷ ᠪᠠᠶᠢᠰᠢᠩ ᠢ ᠲᠠᠲᠠᠪᠤᠷᠢᠯᠠᠬᠤ ᠪᠠᠷ ᠲᠣᠭᠲᠠᠪᠠ᠃ ᠲᠠᠲᠠᠪᠤᠷᠢᠯᠠᠬᠤ ᠬᠡᠪᠴᠢᠶᠡᠨ ᠳᠣᠲᠣᠷᠠᠬᠢ ᠭᠡᠷ ᠪᠠᠶᠢᠰᠢᠩ ᠢᠶᠠᠨ ᠬᠠᠤᠯᠢ ᠶᠣᠰᠣᠭᠠᠷ ᠲᠠᠲᠠᠪᠤᠷᠢᠯᠠᠭᠰᠠᠨ ᠤ ᠲᠠᠷᠠᠭ᠎ᠠ᠂ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠠᠮᠲᠤ ᠳᠤᠨᠢ ᠬᠤᠷᠢᠶᠠᠨ ᠠᠪᠤᠨ᠎ᠠ᠃ ᠨᠢᠭᠡ᠂ ᠲᠠᠲᠠᠪᠤᠷᠢᠯᠠᠬᠤ ᠵᠣᠷᠢᠯᠭ᠎ᠠ᠄ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠺᠧ ᠢ ᠾᠧ ᠪᠠᠯᠭᠠᠰᠤ ᠶᠢᠨ ᠢ ᠵᠢᠶᠠ ᠱᠤᠭᠤᠮ ᠤᠨ K71+973 ᠲᠡᠭᠰᠢ ᠳᠥᠷᠪᠡᠯᠵᠢᠨ ᠱᠤᠭᠤᠮ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ᠃ ᠬᠤᠶᠠᠷ᠂ ᠲᠠᠲᠠᠪᠤᠷᠢᠯᠠᠬᠤ ᠬᠡᠪᠴᠢᠶ᠎ᠡ᠄ ᠺᠧ ᠢ ᠾᠧ ᠪᠠᠯᠭᠠᠰᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠢᠭ᠎ᠠ ᠱᠤᠭᠤᠮ ᠤᠨ K71+973 ᠲᠡᠭᠰᠢ ᠳᠥᠷᠪᠡᠯᠵᠢᠨ ᠱᠤᠭᠤᠮ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠳᠤ ᠬᠤᠯᠪᠣᠭᠳᠠᠬᠤ ᠲᠠᠲᠠᠪᠤᠷᠢᠯᠠᠬᠤ ᠴᠢᠬᠤᠯᠠᠲᠠᠶ ᠬᠡᠷ ᠪᠠᠶᠢᠰᠢᠩ᠃ ᠭᠤᠷᠪᠠ᠂ ᠲᠠᠲᠠᠪᠤᠷᠢᠯᠠᠬᠤ ᠭᠤᠤᠯ ᠴᠣᠭᠴᠠ᠄ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠡᠩ ᠤᠨ ᠪᠠ ᠥᠭᠡᠷᠡᠴᠢᠯᠡᠨ ᠪᠠᠶᠢᠭᠤᠯᠤᠭᠰᠠᠨ ᠪᠠᠷᠢᠯᠭ᠎ᠠ ᠶᠢᠨ ᠬᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠴᠦ ᠲᠥᠪᠬᠢᠨᠡᠭᠦᠯᠬᠦ ᠠᠵᠢᠯ ᠢ ᠬᠠᠷᠢᠭᠤᠴᠠᠨ᠎ᠠ︔ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠺᠧ ᠢ ᠾᠧ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠺᠧ ᠢ ᠾᠧ ᠪᠠᠯᠭᠠᠰᠤ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠴᠦ ᠲᠥᠪᠬᠢᠨᠡᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠥᠮᠴᠢᠯᠡᠯ ᠤᠨ ᠡᠷᠬᠡᠲᠦ ᠬᠥᠮᠦᠨ ᠨᠢ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠪᠣᠯᠤᠨ᠎ᠠ᠃ ᠳᠥᠷᠪᠡ᠂ ᠲᠠᠲᠠᠪᠤᠷᠢᠯᠠᠨ ᠬᠤᠷᠢᠶᠠᠬᠤ ᠶᠢ ᠬᠡᠷᠡᠭᠵᠢᠭᠦᠯᠬᠦ ᠰᠠᠯᠠᠭ᠎ᠠ ᠮᠥᠴᠢᠷ᠄ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠺᠧ ᠢ ᠾᠧ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠠᠪᠤ᠂ ᠲᠠᠲᠠᠪᠤᠷᠢᠯᠠᠬᠤ ᠴᠠᠭ᠄ 2020 ᠣᠨ ᠤ 12 ᠳ᠋ᠤᠭᠠᠷ ᠰᠠᠷ᠎ᠠ ᠶᠢᠨ 17 ᠤ ᠡᠳᠦᠷ ᠠᠴᠠ 2020 ᠣᠨ ᠤ 1 ᠳ᠋ᠦᠭᠡᠷ ᠰᠠᠷ᠎ᠠ ᠶᠢᠨ 18 ᠤ ᠡᠳᠦᠷ ᠪᠣᠯᠲᠠᠯ᠎ᠠ ᠃ ᠬᠡᠷ ᠪᠠᠶᠢᠰᠢᠩ ᠤᠨ ᠲᠠᠲᠠᠪᠤᠷᠢᠯᠠᠯᠲᠠ ᠶᠢᠨ ᠨᠥᠬᠦᠪᠥᠷᠢ ᠶᠢ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠺᠧ ᠢ ᠾᠧ ᠪᠠᠯᠭᠠᠰᠤ ᠶᠢᠨ ᠢ ᠵᠢᠶᠠ ᠱᠤᠭᠤᠮ ᠤᠨ K71+973 ᠲᠡᠭᠰᠢ ᠳᠥᠷᠪᠡᠯᠵᠢᠨ ᠱᠤᠭᠤᠮ ᠢ ᠥᠭᠡᠷᠡᠴᠢᠯᠡᠨ ᠪᠠᠶᠢᠭᠤᠯᠤᠭᠰᠠᠨ ᠪᠠᠷᠢᠯᠭ᠎ᠠ ᠶᠢᠨ ᠬᠡᠷ ᠪᠠᠶᠢᠰᠢᠩ ᠤᠨ ᠲᠠᠲᠠᠪᠤᠷᠢᠯᠠᠯᠲᠠ ᠶᠢᠨ ᠨᠥᠬᠦᠪᠥᠷᠢ ᠥᠭᠴᠦ ᠲᠥᠪᠬᠢᠨᠡᠭᠦᠯᠬᠦ ᠲᠥᠰᠦᠯ︾ ᠶᠣᠰᠣᠭᠠᠷ ᠬᠡᠷᠡᠭᠵᠢᠭᠦᠯᠦᠨ᠎ᠡ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ