ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠳᠠᠷᠤᠭ᠎ᠠ᠂ ᠳᠡᠳ᠋ ᠬᠤᠰᠢᠭᠤᠨ ᠤ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠢ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/11/27
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠳᠤ᠄    ᠦᠨᠳᠦᠰᠦᠨ ᠬᠠᠤᠯᠢ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ ᠦᠨᠳᠦᠰᠦᠯᠡᠪᠡᠯ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠬᠤᠰᠢᠭᠤᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠳᠡᠳ᠋ ᠬᠤᠰᠢᠭᠤᠨ ᠳᠠᠷᠤᠭ᠎ᠠ ᠨᠢ ᠬᠤᠰᠢᠭᠤᠨ ᠳᠠᠷᠤᠭ᠎ᠠ ᠶᠢᠨ ᠠᠵᠢᠯ ᠳᠤ ᠬᠠᠮᠵᠢᠯᠴᠠᠨ᠎ᠠ᠃ᠠᠵᠢᠯᠲᠠᠨ ᠤ ᠶᠠᠪᠤᠳᠠᠯ ᠤᠨ ᠬᠤᠪᠢᠷᠠᠯᠲᠠ ᠶᠢᠨ ᠪᠠᠶᠢᠳᠠᠯ ᠪᠠ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠳᠤᠯᠬᠤ ᠪᠠᠷ ᠳᠡᠮᠵᠢᠨ᠂ ᠬᠤᠰᠢᠭᠤᠨ ᠳᠠᠷᠤᠭ᠎ᠠ᠂ ᠳᠡᠳ᠋ ᠬᠤᠰᠢᠭᠤᠨ ᠳᠠᠷᠤᠭ᠎ᠠ ᠶᠢᠨ ᠠᠵᠢᠯ ᠤᠨ ᠬᠤᠪᠢᠶᠠᠷᠢᠯᠠᠯ  ᠨᠢ ᠳᠣᠣᠷᠠᠬᠢ ᠮᠡᠲᠦ᠄ᠾᠧ ᠰᠢᠤᠸᠠᠢ ᠭᠤᠸᠠᠩ ︵ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ︶᠄ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠤᠳᠤᠷᠢᠳᠴᠤ᠂ ᠬᠢᠨᠠᠨ ᠪᠤᠳᠤᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ᠸᠠᠩ ᠴᠢ ︵ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ︶᠄ ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠾᠧ ᠰᠢᠤᠸᠠᠢ ᠭᠤᠸᠠᠩ ᠢ ᠬᠠᠮᠵᠢᠨ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠭ᠎ᠠ᠂ ᠲᠣᠮᠣ ᠳ᠋ᠠᠶᠢᠲ᠋ᠠ ᠶᠢᠨ ᠠᠵᠢᠯ᠂ ᠪᠠᠶᠢᠭᠤᠯᠭ᠎ᠠ ᠶᠢᠨ ᠶᠠᠪᠤᠳᠠᠯ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠬᠤ᠄ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠾᠧ ᠰᠢᠤᠸᠠᠢ ᠭᠤᠸᠠᠩ ᠢ ᠬᠠᠮᠵᠢᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ ᠬᠠᠷᠢᠯᠴᠠᠬᠤ᠄ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠭᠡᠷ ︵ᠲᠠᠩᠰᠠ ᠡᠪᠬᠡᠮᠡᠯ ᠤᠨ ᠲᠣᠪᠴᠢᠶ᠎ᠠ︶᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠤᠯᠤᠰ ᠲᠥᠷᠥ ᠶᠢᠨ ᠰᠤᠳᠤᠯᠭᠠᠨ ᠤ ᠲᠠᠰᠤᠭ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ᠂ ᠣᠷᠣᠨ ᠲᠤᠭ᠎ᠠ ᠶᠢᠨ ᠠᠯᠪᠠᠨ ᠭᠡᠷ᠂ ᠪᠠᠶᠢᠭᠤᠯᠭ᠎ᠠ ᠶᠢᠨ ᠠᠵᠢᠯ ᠤᠨ ᠵᠥᠪᠯᠡᠯ᠂ ᠴᠠᠭᠳᠠᠨ ᠪᠠᠶᠢᠴᠠᠭᠠᠬᠤ ᠠᠯᠪᠠᠨ ᠭᠡᠷ᠂ ᠨᠠᠮ ᠤᠨ ᠰᠤᠷᠭᠠᠭᠤᠯᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤᠨ ᠳᠤ ᠰᠠᠭᠤᠭ᠎ᠠ ᠣᠶ ᠰᠢᠭᠤᠢ ᠶᠢᠨ ᠴᠠᠭᠳᠠᠭ᠎ᠠ ᠶᠢᠨ ᠴᠡᠷᠢᠭ ᠠᠩᠭᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠡᠳ᠋ ᠤᠨ ᠶᠠᠪᠤᠳᠠᠯ ᠤᠨ ᠳᠠᠭᠠᠳᠬᠠᠯ ᠤᠨ ᠺᠣᠮᠫᠠᠨᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠯᠢ ᠵᠦᠥᠸ᠋ ︵ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ︶᠄ ᠾᠧ ᠰᠢᠤᠸᠠᠢ ᠭᠤᠸᠠᠩ ᠳᠤ ᠬᠠᠮᠵᠢᠨ ᠪᠡᠭᠡᠵᠢᠩ ᠤᠨ ᠪᠠᠷᠠᠭᠤᠨ ᠬᠤᠲᠠ ᠲᠣᠭᠤᠷᠢᠭ ᠤᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠶᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠮᠠ ᠠᠢ ᠹᠧᠢ ᠳᠤ ᠬᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠠᠮᠵᠢᠯᠴᠠᠨ ᠬᠤᠪᠢᠳᠠᠨ ᠬᠠᠮᠢᠶᠠᠷᠤᠨ᠎ᠠ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠃ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠭᠦᠸᠧ ᠶᠢᠨ ᠱᠤᠸᠠᠩ ︵ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ︶᠄ ᠾᠧ ᠰᠢᠤᠸᠠᠢ ᠭᠤᠸᠠᠩ ᠢ ᠬᠠᠮᠵᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠬᠤ᠄ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠃ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠴᠢ ᠸᠧᠢ ︵ᠳᠡᠳ᠋ ᠬᠤᠰᠢᠭᠤᠨ ᠳᠠᠷᠤᠭ᠎ᠠ︶᠄ ᠸᠠᠩ ᠴᠢ ᠶᠢ ᠬᠠᠪᠰᠤᠷᠴᠤ ᠮᠥᠩᠭᠦᠨ ᠭᠦᠢᠯᠭᠡᠭᠡᠨ ᠤ ᠠᠵᠢᠯ ᠢ ᠬᠠᠷᠢᠭᠤᠴᠠᠨ᠎ᠠ᠃ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠵᠦᠢᠯ ᠢ ᠭᠦᠢᠴᠡᠳᠬᠡᠨ᠎ᠡ᠃ᠬᠠᠨ ᠱᠣ ᠾᠧ ︵ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ︶᠄ ᠾᠧ ᠰᠢᠤᠸᠠᠢ ᠭᠤᠸᠠᠩ ᠢ ᠬᠠᠮᠵᠢᠨ ᠬᠠᠤᠯᠢ ᠶᠣᠰᠣᠭᠠᠷ ᠬᠤᠰᠢᠭᠤ ᠶᠢ ᠵᠠᠰᠠᠬᠤ᠂ ᠨᠡᠶᠢᠭᠡᠮ ᠢ ᠲᠣᠭᠲᠠᠭᠤᠨ ᠪᠠᠶᠢᠯᠭᠠᠬᠤ᠂ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠥᠬᠦ ᠲᠠᠯ᠎ᠠ ᠶᠢᠨᠬᠤᠪᠢᠳᠠᠨ ᠬᠠᠮᠢᠶᠠᠷᠬᠤ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠸᠠᠩ ᠴᠢ ᠶᠢ ᠬᠠᠮᠵᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃ᠬᠠᠷᠢᠯᠴᠠᠬᠤ ᠨᠢ᠄ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠶᠢᠨ ᠤᠬᠠᠭᠠᠨ ᠤ ᠨᠡᠶᠢᠭᠡᠮᠯᠢᠭ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠃ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠬᠤ ᠰᠢᠸ ᠴᠧᠨ ︵ᠳᠡᠳ᠋ ᠬᠤᠰᠢᠭᠤᠨ ᠳᠠᠷᠤᠭ᠎ᠠ︶᠄ ᠾᠧ ᠰᠢᠤᠸᠠᠢ ᠭᠤᠸᠠᠩ ᠢ ᠬᠠᠮᠵᠢᠨ ᠬᠥᠭᠵᠢᠭᠦᠯᠦᠯᠲᠡ ᠪᠠ ᠥᠭᠡᠷᠡᠴᠢᠯᠡᠯᠲᠡ᠂ ᠭᠠᠳᠠᠭᠠᠳᠤ ᠨᠡᠭᠡᠭᠡᠯᠲᠡ᠂ ᠠᠵᠤ ᠦᠢᠯᠡᠳᠪᠦᠷᠢ ᠶᠢᠨ ᠠᠵᠤ ᠠᠬᠤᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠤᠳᠠᠯᠳᠤᠭᠠᠨ ᠤ ᠶᠠᠪᠤᠳᠠᠯ᠂ ᠲᠤᠭ᠎ᠠ ᠪᠦᠷᠢᠳᠬᠡᠯ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠢ ᠡᠪᠡᠰᠦ ᠪᠡᠯᠴᠢᠭᠡᠷ᠂ ᠠᠮᠢ ᠠᠬᠤᠢ ᠶᠢᠨ ᠣᠷᠴᠢᠨ ᠲᠣᠭᠤᠷᠢᠨ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠲᠡᠮᠦᠷ ᠵᠠᠮ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠤᠨ᠎ᠠ᠄ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠃ᠬᠠᠷᠢᠯᠴᠠᠬᠤ᠄ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ᠂ ᠴᠢᠯᠠᠭᠤᠨ ᠲᠣᠰᠣᠨ ᠤ ᠺᠣᠮᠫᠠᠨᠢ᠂ ᠰᠢᠤᠳᠠᠨ ᠤ ᠲᠣᠪᠴᠢᠶ᠎ᠠ᠂ ᠰᠢᠯᠵᠢᠮᠡᠯ ᠴᠢᠮᠡᠭᠡ ᠬᠤᠯᠪᠣᠭ᠎ᠠ ᠶᠢᠨ ᠣᠷᠴᠣᠨ ᠤ ᠬᠤᠪᠢᠶᠠᠷᠢ ᠺᠣᠮᠫᠠᠨᠢ᠂ ᠯᠢᠶᠠᠨ ᠲᠦᠩ ᠣᠷᠴᠣᠨ ᠤ ᠬᠤᠪᠢᠶᠠᠷᠢ ᠺᠣᠮᠫᠠᠨᠢ᠂ ᠴᠠᠬᠢᠯᠭᠠᠨ ᠬᠤᠯᠪᠣᠭ᠎ᠠ ᠶᠢᠨ ᠣᠷᠴᠣᠨ ᠤ ᠬᠤᠪᠢᠶᠠᠷᠢ ᠺᠣᠮᠫᠠᠨᠢ᠂ ᠲᠡᠮᠦᠷ ᠰᠤᠪᠤᠷᠭᠠᠲᠤ ᠣᠷᠴᠣᠨ ᠤ ᠺᠣᠮᠫᠠᠨᠢ ᠶᠢᠨ ᠡᠵᠡᠩᠨᠡᠯᠲᠡ ᠶᠢᠨ ᠬᠡᠯᠲᠡᠰ᠂ ᠤᠯᠤᠰ ᠤᠨ ᠴᠠᠬᠢᠯᠭᠠᠨ ᠲᠣᠣᠷ ᠤᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠂ ᠠᠯᠢ ᠭᠤᠣᠯ ᠤᠨ ᠭᠠᠯᠲᠤ ᠲᠡᠷᠭᠡᠨ ᠤ ᠥᠷᠲᠡᠭᠡ᠂ ᠬᠤᠰᠢᠭᠤᠨ ᠳᠤ ᠰᠠᠭᠤᠭ᠎ᠠ ᠣᠶ ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ᠃ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠸᠠᠩ ᠮᠧᠩ ︵ᠳᠡᠳ᠋ ᠬᠤᠰᠢᠭᠤᠨ ᠳᠠᠷᠤᠭ᠎ᠠ︶᠄ ᠾᠧ ᠰᠢᠤᠸᠠᠢ ᠭᠤᠸᠠᠩ ᠳᠤ ᠬᠠᠮᠵᠢᠨ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠤᠨ᠎ᠠ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠤᠯᠠᠭᠠᠨᠬᠠᠷᠢᠯᠴᠠᠬᠤ ᠨᠢ᠄ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ᠃ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠮᠠ ᠠᠢ ᠹᠧᠢ ︵ᠳᠡᠳ᠋ ᠬᠤᠰᠢᠭᠤᠨ ᠳᠠᠷᠤᠭ᠎ᠠ︶᠄ ᠾᠧ ᠰᠢᠤᠸᠠᠢ ᠭᠤᠸᠠᠩ ᠢ ᠬᠠᠮᠵᠢᠨ ᠵᠠᠰᠠᠮᠠᠯ ᠵᠠᠮ᠂ ᠬᠥᠳᠡᠭᠡ ᠲᠣᠰᠬᠤᠨ ᠤ ᠠᠩᠨᠠᠯ ᠤᠨ ᠣᠷᠣᠨ᠂ ᠰᠢᠨᠵᠢᠯᠡᠬᠦ ᠤᠬᠠᠭᠠᠨ ᠮᠡᠷᠭᠡᠵᠢᠯ᠂ ᠤᠰᠤᠨ ᠠᠰᠢᠭᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠤᠨ᠎ᠠ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠃ᠬᠠᠷᠢᠯᠴᠠᠬᠤ ᠨᠢ᠄ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠲᠣᠪᠴᠢᠶ᠎ᠠ᠂ ᠶᠡᠭᠡ ᠬᠢᠩᠭᠠᠨ ᠳᠠᠪᠠᠭ᠎ᠠ ᠶᠢᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠶᠡᠭᠡ ᠬᠢᠩᠭᠠᠨ ᠳᠠᠪᠠᠭ᠎ᠠ ᠶᠢᠨ ᠲᠠᠷᠢᠶᠠᠯᠠᠩ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭᠠᠲᠤ ᠺᠣᠮᠫᠠᠨᠢ᠃ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠯᠢ ᠴᠢᠶᠠᠩ ︵ᠳᠡᠳ᠋ ᠬᠤᠰᠢᠭᠤᠨ ᠳᠠᠷᠤᠭ᠎ᠠ︶᠄ ᠮᠠ ᠠᠢ ᠹᠧᠢ ᠶᠢ ᠬᠠᠪᠰᠤᠷᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠷᠢᠭᠤᠴᠠᠨ᠎ᠠ᠃ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠵᠦᠢᠯ ᠢ ᠭᠦᠢᠴᠡᠳᠬᠡᠨ᠎ᠡ᠃ᠵᠠᠩ ᠽᠢ ᠴᠧᠩ ︵ᠳᠡᠳ᠋ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠬᠤ ᠵᠢᠱᠢᠭᠳᠡᠭᠴᠢ︶᠄ ᠾᠧ ᠰᠢᠤᠸᠠᠢ ᠭᠤᠸᠠᠩ ᠢ ᠬᠠᠮᠵᠢᠨ ᠰᠣᠶᠣᠯ ᠪᠠ ᠵᠢᠭᠤᠯᠴᠢᠯᠠᠯ᠂ ᠦᠨᠳᠦᠰᠦᠲᠡᠨ ᠤ ᠬᠡᠷᠡᠭ ᠶᠠᠪᠤᠳᠠᠯ᠂ ᠴᠡᠷᠢᠭ ᠠᠴᠠ ᠬᠠᠯᠠᠭᠳᠠᠭᠰᠠᠳ᠂ ᠠᠷᠠᠳ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠤᠨ᠎ᠠ᠄ ᠠᠷᠠᠳ ᠟ᠣᠨ ᠶᠠᠪᠤᠳᠠᠯ ᠟ᠣᠨ ᠲᠣᠪᠴᠢᠶ᠎ᠠ᠂ ᠦᠨᠳᠦᠰᠦᠲᠡᠨ ᠟ᠣ ᠬᠡᠷᠡᠭ ᠡᠷᠬᠢᠯᠡᠬᠦ ᠵᠥᠪᠯᠡᠯ︵ᠮᠣᠩᠭᠤᠯ ᠬᠡᠯᠡ ᠪᠢᠴᠢᠭ ᠟ᠣᠨ ᠠᠵᠢᠯ ᠟ᠣᠨ ᠵᠥᠪᠯᠡᠯ︶᠂ ᠰᠣᠶᠣᠯ ᠪᠠ ᠵᠢᠭᠤᠯᠴᠢᠯᠠᠯ ᠟ᠣᠨ ᠲᠣᠪᠴᠢᠶ᠎ᠠ᠂ ᠴᠡᠷᠢᠭ ᠟ᠣᠨ ᠠᠯᠪᠠᠨ ᠠᠴᠠ ᠪᠠᠭᠤᠭᠰᠠᠳ ᠟ᠣᠨ ᠬᠡᠷᠡᠭ ᠡᠷᠬᠢᠯᠡᠬᠦ ᠲᠣᠪᠴᠢᠶ᠎ᠠ᠂ ᠣᠷᠴᠣᠨ ᠦᠨᠳᠦᠰᠦᠲᠡᠨ ᠟ᠣ ᠮᠦᠽᠧᠢ︵ᠲᠡᠦᠬᠡ ᠟ᠢᠢᠨ ᠳᠤᠷᠠᠰᠬᠠᠯᠲᠤ ᠵᠦᠢᠯ ᠟ᠣᠨ ᠬᠠᠮᠠᠭᠠᠯᠠᠯᠲᠠ ᠟ᠢᠢᠨ ᠲᠥᠪ︶᠂ ᠤᠷᠠᠨ᢭ᠣ ᠰᠣᠶᠣᠯ ᠵᠢᠭᠤᠯᠴᠢᠯᠠᠯ ᠟ᠣᠨ ᠪᠡᠯᠡ ᠣᠷᠣᠭᠤᠯᠤᠯᠲᠠ ᠟ᠢᠢᠨ ᠬᠢᠵᠠᠭᠠᠷᠲᠤ ᠺᠣᠮᠫᠠᠨᠢ᠃ᠬᠠᠷᠢᠯᠴᠠᠬᠤ᠄ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ︵ᠦᠨᠳᠦᠰᠦᠲᠡᠨ ᠤ ᠰᠤᠳᠤᠯᠭᠠᠨ ᠤ ᠨᠡᠶᠢᠭᠡᠮᠯᠢᠭ︶᠂ ᠬᠠᠮ ᠵᠠᠭᠤᠴᠢᠯᠠᠭᠤᠷ ᠤᠨ ᠲᠥᠪ᠂ ᠵᠡᠮᠳᠡᠭᠴᠦᠳ ᠤᠨ ᠬᠤᠯᠪᠣᠭ᠎ᠠ᠃ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠾᠧ ᠱᠧᠩ ᠪᠦᠦ ︵ᠬᠤᠰᠢᠭᠤᠨ ᠵᠠᠰᠠᠭ ᠤᠨ ᠣᠷᠳᠣᠨ ᠤ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ︶᠄ ᠾᠧ ᠰᠢᠤᠸᠠᠢ ᠭᠤᠸᠠᠩ ᠢ ᠬᠠᠮᠵᠢᠨ ᠬᠤᠰᠢᠭᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ᠴᠧᠨ ᠱᠣ ᠯᠢᠩ ︵ᠬᠤᠰᠢᠭᠤᠨ ᠵᠠᠰᠠᠭ ᠤᠨ ᠣᠷᠳᠣᠨ ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ︶᠄ ᠬᠤ ᠰᠢᠸ ᠴᠧᠨ ᠳᠤ ᠬᠠᠮᠵᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠨ᠎ᠠ᠃2022 ᠣᠨ ᠤ 6 ᠰᠠᠷ᠎ᠠ ᠶᠢᠨ 14︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ