| | ᠡᠯ᠎ᠡ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ᠄ | ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠢᠨ 2022 ᠣᠨ ᠤ ᠠᠬᠢᠭᠤᠯᠬᠤ | ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠬᠥᠯᠥᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾ ᠤᠨ ᠬᠠᠮᠢᠶ᠎ᠠ | ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠡᠳᠦᠭᠡ 2022 ᠣᠨ ᠤ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠠᠵᠢᠯ ᠳᠤ ᠳᠣᠣᠷᠠᠬᠢ ᠱᠠᠭᠠᠷᠳᠠᠯᠭ᠎ᠠ ᠶᠢ ᠳᠤᠷᠠᠳᠪᠠ᠂ ᠡᠯ᠎ᠡ ᠨᠢᠭᠡᠴᠡ ᠨᠦᠭᠦᠳ ᠬᠢᠨᠠᠮᠠᠭᠠᠢ ᠰᠤᠳᠤᠯᠤᠨ ᠨᠠᠶᠢᠳᠠᠪᠤᠷᠢᠵᠢᠭᠤᠯᠬᠤ ᠶᠢ | ᠬᠦᠰᠡᠵᠦ ᠪᠠᠶᠢᠨ᠎ᠠ᠃ | ᠨᠢᠭᠡ᠂ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ᠣᠳᠣᠬᠠᠨ ᠳᠤ ᠪᠥᠬᠦ ᠬᠤᠰᠢᠭᠤᠨ ᠤ ᠡᠯ᠎ᠡ ᠦᠨᠳᠦᠰᠦᠨ ᠱᠠᠲᠤᠨ ᠤ ᠨᠢᠭᠡᠴᠡ ᠨᠢᠭᠡᠨᠲᠡ ᠬᠢᠲᠠᠳ ᠡᠮᠨᠡᠯᠭᠡ ᠶᠢᠨ ᠣᠷᠳᠣᠨ ᠢ ᠪᠠᠶᠢᠭᠤᠯᠵᠤ᠂ ᠡᠯ᠎ᠡ ᠦᠨᠳᠦᠰᠦᠨ | ᠱᠠᠲᠤᠨ ᠤ ᠨᠢᠭᠡᠴᠡ ᠪᠠᠶᠢᠭᠤᠯᠤᠭᠰᠠᠨ ᠬᠢᠲᠠᠳ ᠡᠮᠨᠡᠯᠭᠡ ᠶᠢᠨ ᠣᠷᠳᠣᠨ ᠤ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭᠯᠡᠬᠦ ᠶᠢ ᠲᠣᠪᠤᠶᠢᠯᠭᠠᠨ᠂ ︽ᠬᠢᠲᠠᠳ | ᠡᠮᠨᠡᠯᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ︵ᠬᠢᠲᠠᠳ ᠡᠮᠨᠡᠯᠭᠡ ᠶᠢᠨ ᠣᠷᠳᠣᠨ ᠮᠣᠩᠭᠤᠯ ᠡᠮᠨᠡᠯᠭᠡ ᠶᠢᠨ ᠣᠷᠳᠣᠨ︶ ᠤᠨ ᠬᠢᠲᠠᠳ ᠡᠮᠨᠡᠯᠭᠡ ᠶᠢᠨ | ᠡᠮᠴᠢᠯᠡᠭᠡᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠯᠠᠪᠯᠠᠯᠲᠠ ᠶᠢᠨ ᠬᠦᠰᠦᠨᠦᠭᠲᠦ︾ ︵ᠳᠠᠭᠠᠯᠳᠤᠭᠤᠯᠤᠯ 3︶ ᠲᠠᠢ ᠬᠠᠷᠢᠴᠠᠭᠤᠯᠤᠨ ᠲᠥᠬᠦᠭᠡᠷᠦᠮᠵᠢ ᠪᠠᠨ | ᠪᠦᠷᠢᠨ ᠲᠣᠬᠢᠷᠠᠭᠤᠯᠬᠤ ᠬᠡᠷᠡᠭᠲᠡᠢ᠃ᠵᠠᠬᠢᠶᠠᠯᠠᠭ᠎ᠠ ᠶᠢᠨ ᠬᠠᠨᠳᠤᠯᠭ᠎ᠠ ᠲᠠᠢ ᠪᠠᠷ ᠶᠡᠭᠡ ᠡᠮᠴᠢ ᠶᠢ ᠬᠥᠮᠥᠵᠢᠭᠦᠯᠬᠦ᠂ ᠥᠷᠥᠨᠡᠳᠠᠬᠢᠨ ᠤ ᠰᠤᠷᠭᠠᠯ᠂ ᠲᠣᠬᠢᠷᠠᠮᠵᠢᠲᠠᠢ | ᠮᠡᠷᠭᠡᠵᠢᠯ ᠢ ᠳᠡᠯᠭᠡᠷᠡᠭᠦᠯᠬᠦ ᠵᠡᠷᠭᠡ ᠬᠡᠯᠪᠡᠷᠢ ᠪᠠᠷ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠢ ᠣᠷᠣᠭᠤᠯᠤᠨ | ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢᠭᠡᠪᠦᠷᠢ ᠶᠢᠨ ᠬᠢᠲᠠᠳ ᠡᠮᠨᠡᠯᠭᠡ ᠶᠢᠨ | ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠳᠤ ᠴᠥᠮ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠰᠬᠠᠢ ᠮᠡᠷᠭᠡᠵᠢᠯ ᠤᠨ ᠠᠵᠢᠯᠲᠠᠨ | ᠲᠣᠬᠢᠷᠠᠭᠤᠯᠬᠤ ᠶᠢ ᠦᠨᠡᠨᠬᠦ ᠪᠠᠲᠤᠯᠠᠵᠤ᠂ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠢᠶᠠᠷ ᠭᠠᠷᠳᠠᠴᠠ ᠪᠣᠯᠭᠠᠨ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠣᠨᠴᠠᠯᠢᠭ ᠤᠨ ᠦᠨᠳᠦᠰᠦᠨ ᠱᠠᠲᠤᠨ ᠳᠤ ᠦᠢᠯᠡᠴᠢᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃ᠴᠢᠳᠠᠪᠤᠷᠢ ᠪᠠᠷ ᠬᠦᠷᠦᠯᠴᠡᠬᠦ | ᠦᠭᠡᠢ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ᠂ ᠲᠤᠰᠬᠠᠢ | ᠮᠡᠷᠭᠡᠵᠢᠯᠲᠡᠨ ᠢᠶᠠᠷ ᠠᠯᠪᠠᠨ ᠵᠢᠷᠤᠮ ᠤᠨ ᠡᠮᠴᠢᠯᠡᠭᠡ ᠬᠢᠯᠭᠡᠬᠦ᠂ ᠰᠠᠭᠤᠵᠤ ᠡᠮᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠰᠢᠭᠯᠠᠬᠤ ᠪᠠ ᠬᠥᠭᠵᠢᠭᠦᠯᠬᠦ ᠶᠢᠨ ᠬᠠᠮᠲᠤ᠂ ᠡᠯ᠎ᠡ | ᠦᠨᠳᠦᠰᠦᠨ ᠱᠠᠲᠤᠨ ᠤ ᠨᠢᠭᠡᠴᠡ ᠶᠢ ᠤᠷᠢᠵᠤ ︽2022 ᠣᠨ ᠤ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠢᠲᠠᠳ ᠡᠮᠨᠡᠯᠭᠡ ᠶᠢᠨ ᠣᠷᠳᠣᠨ ︵ᠮᠣᠩᠭᠤᠯ | ᠡᠮᠨᠡᠯᠭᠡ ᠶᠢᠨ ᠣᠷᠳᠣᠨ︶ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠲᠤ ᠴᠢᠳᠠᠪᠤᠷᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ︾ ︵ᠳᠠᠭᠠᠯᠳᠤᠭᠤᠯᠤᠯ 1︶ | ᠶᠢᠨ ᠶᠣᠰᠣᠭᠠᠷ ᠥᠪᠡᠷ ᠢᠶᠠᠨ ᠪᠠᠶᠢᠴᠠᠭᠠᠵᠤ᠂ 4 ᠰᠠᠷ᠎ᠠ ᠶᠢᠨ 15 ᠤ ᠡᠳᠦᠷ ᠠᠴᠠ ᠡᠮᠦᠨ᠎ᠡ ᠤᠳᠤᠷᠢᠳᠤᠯᠭ᠎ᠠ ᠪᠠᠷ ᠬᠢᠨᠠᠨ ᠬᠠᠷᠭᠤᠭᠤᠯᠤᠭᠠᠳ ᠭᠠᠷ ᠤᠨ ᠥᠰᠥᠭ | ᠵᠢᠷᠤᠭᠤᠯᠵᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠲᠠᠳ ᠮᠣᠩᠭᠤᠯ ᠡᠮᠨᠡᠯᠭᠡ ᠶᠢᠨ ᠲᠠᠰᠤᠭ ᠲᠤ ᠮᠡᠳᠡᠭᠦᠯᠦᠨ᠎ᠡ᠃ | ᠬᠤᠶᠠᠷ᠂ ᠦᠨᠳᠦᠰᠦᠨ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠪᠡᠳᠴᠢᠯᠡᠭᠡᠳᠦᠢ ᠶᠢ ᠵᠠᠰᠠᠬᠤ ᠵᠢᠴᠢ ᠡᠷᠡᠭᠦᠯᠵᠢᠭᠦᠯᠬᠦ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠠᠬᠢᠭᠤᠯᠤᠨ᠎ᠠ᠃ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ | ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠨᠢ ᠡᠪᠡᠳᠴᠢᠯᠡᠭᠡᠳᠦᠢ ᠡᠪᠡᠳᠴᠢᠨ ᠢ ᠵᠠᠰᠠᠬᠤ ᠦᠢᠯᠡᠴᠢᠯᠡᠭᠡ ᠶᠢ ᠪᠦᠬᠦᠨ ᠢ ᠥᠷᠨᠢᠭᠦᠯᠵᠦ᠂ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠡᠪᠡᠳᠴᠢᠯᠡᠭᠡᠳᠦᠢ ᠡᠪᠡᠳᠴᠢᠨ ᠢ ᠵᠠᠰᠠᠬᠤ ᠣᠨᠣᠯᠵᠢᠬᠤᠨ ᠪᠠ ᠠᠷᠭ᠎ᠠ ᠶᠢ ᠤᠯᠠᠮ ᠨᠢᠭᠡ ᠠᠯᠬᠤᠮ ᠤᠬᠠᠭᠤᠯᠤᠨ | ᠲᠦᠭᠡᠮᠡᠯᠵᠢᠭᠦᠯᠬᠦ ᠬᠡᠷᠡᠭᠲᠡᠢ᠃ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠪᠡᠳᠴᠢᠯᠡᠭᠡᠳᠦᠢ ᠡᠪᠡᠳᠴᠢᠨ ᠢ ᠵᠠᠰᠠᠬᠤ ᠦᠢᠯᠡᠴᠢᠯᠡᠭᠡ ᠶᠢ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ ᠪᠣᠭᠴᠣᠨ ᠳᠤ ᠣᠷᠣᠭᠤᠯᠵᠤ᠂ ᠡᠮᠴᠢᠯᠡᠭᠡᠨ ᠤ ᠳᠠᠭᠠᠳᠬᠠᠯ ᠤᠨ ᠵᠠᠷᠤᠳᠠᠯ ᠲᠤᠰᠢᠶᠠᠬᠤ ᠦᠢᠯᠡᠴᠢᠯᠡᠭᠡᠨ ᠤ ᠲᠥᠷᠥᠯ | ᠵᠦᠢᠯ ᠪᠠ ᠦᠢᠯᠡᠴᠢᠯᠡᠭᠡᠨ ᠤ ᠠᠭᠤᠯᠭ᠎ᠠ ᠶᠢ ᠰᠦᠪᠡᠭᠴᠢᠯᠡᠨ ᠥᠷᠨᠢᠭᠦᠯᠦᠨ᠎ᠡ᠃ᠬᠤᠰᠢᠭᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠢ ᠡᠮᠴᠢᠯᠡᠭᠡᠨ ᠤ | ᠬᠠᠮᠲᠤ ᠶᠢᠨ ᠴᠣᠭᠴᠠ ᠳᠠᠬᠢ ᠬᠠᠪᠰᠤᠷᠤᠨ ᠲᠡᠳᠬᠦᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠣᠬᠢᠷᠠᠬᠤ | ᠮᠡᠷᠭᠡᠵᠢᠯ ᠢ ᠳᠡᠯᠭᠡᠷᠡᠭᠦᠯᠬᠦ ᠡᠭᠦᠷᠭᠡ ᠶᠢ ᠪᠣᠳᠠᠲᠠᠶᠢᠵᠢᠭᠤᠯᠵᠤ᠂ 50% ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠷᠡᠭᠦᠯᠵᠢᠯ ᠤᠨ ᠦᠢᠯᠡᠴᠢᠯᠡᠭᠡ ᠬᠠᠩᠭᠠᠵᠤ ᠳᠡᠶᠢᠯᠬᠦ ᠶᠢ ᠦᠨᠡᠨᠬᠦ | ᠪᠠᠲᠤᠯᠠᠵᠤ᠂ ᠪᠣᠶ ᠪᠦᠬᠦᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠪᠠ 70% ᠠᠴᠠ ᠳᠡᠭᠡᠭᠰᠢᠬᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ | ᠬᠠᠩᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠭᠤᠷᠪᠠ᠂ ︽ᠨᠢᠭᠡ ᠨᠠᠰᠤᠲᠠᠨ ᠨᠢᠭᠡ ᠪᠠᠭ᠎ᠠ︾ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠦᠢᠯᠡᠴᠢᠯᠡᠭᠡ ᠶᠢ ᠴᠢᠩᠭᠠᠳᠬᠠᠨ᠎ᠠ᠃65 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ 0 ︱ 36 ᠰᠠᠷ᠎ᠠ ᠶᠢᠨ ᠬᠡᠦᠬᠡᠳ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠲᠥᠷᠥᠯ ᠵᠦᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠨᠢᠭᠡᠴᠡ ᠨᠦᠭᠦᠳ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ︵ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ | ᠪᠠᠶᠢᠳᠠᠯ ᠤᠨ ᠪᠠᠶᠢᠴᠠᠭᠠᠯᠲᠠ ᠶᠢᠨ ᠬᠦᠰᠦᠨᠦᠭᠲᠦ︾ ︵ᠳᠠᠭᠠᠯᠳᠤᠭᠤᠯᠤᠯ 2︶ ᠶᠢᠨ ᠶᠣᠰᠣᠭᠠᠷ ᠬᠠᠭᠠᠰ ᠵᠢᠯ ︵6 ᠳ᠋ᠤᠭᠠᠷ ᠰᠠᠷ᠎ᠠ ᠶᠢᠨ 15 ᠤ ᠡᠳᠦᠷ᠂ 12 ᠳ᠋ᠤᠭᠠᠷ | ᠰᠠᠷ᠎ᠠ ᠶᠢᠨ 15 ᠤ ᠡᠳᠦᠷ︶ ᠳᠤ ᠲᠥᠷᠥᠯ ᠵᠦᠢᠯ ᠥᠷᠨᠢᠭᠦᠯᠦᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | ᠳᠥᠷᠪᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠯ᠎ᠡ ᠵᠦᠢᠯ ᠤᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ᠡᠯ᠎ᠡ ᠨᠢᠭᠡᠴᠡ ᠨᠦᠭᠦᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠬᠥᠭᠵᠢᠯᠲᠡ ᠶᠢᠨ ᠣᠨᠣᠯᠵᠢᠬᠤᠨ ᠢᠶᠠᠨ ᠦᠨᠡᠨᠬᠦ ᠬᠤᠪᠢᠷᠠᠭᠤᠯᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠪᠣᠯ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠰᠠᠭᠤᠷᠢ ᠪᠣᠯᠬᠤ ᠶᠢ ᠪᠣᠶ ᠪᠣᠯᠭᠠᠵᠤ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠯᠡᠭᠡᠳᠦᠢ ᠶᠢ ᠵᠠᠰᠠᠬᠤ᠂ ᠣᠨᠴᠠᠯᠢᠭᠲᠤ ᠡᠷᠡᠭᠦᠯᠵᠢᠯ᠂ ᠡᠷᠡᠭᠦᠯ ᠮᠡᠨᠳᠦ ᠶᠢ ᠠᠬᠢᠭᠤᠯᠬᠤ ᠳᠤᠮᠳᠠᠬᠢ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ᠨᠢᠭᠡᠳᠦᠭᠡᠷ ᠭᠠᠷ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠠᠴᠠ | ᠪᠣᠳᠠᠲᠠᠢ ᠬᠤᠳᠠᠯᠳᠤᠨ ᠠᠪᠬᠤ ᠶᠢ ᠠᠳᠬᠤᠵᠤ᠂ ᠪᠦᠷᠬᠦᠴᠡ ᠶᠢᠨ ᠨᠣᠷᠮ᠎ᠠ ᠶᠢ ᠥᠷᠭᠡᠳᠬᠡᠨ᠂ ᠠᠭᠤᠯᠤᠭᠳᠠᠬᠤᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠢᠲᠠᠳ | ᠮᠣᠩᠭᠤᠯ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠢ ᠦᠨᠳᠦᠰᠦᠨ ᠱᠠᠲᠤᠨ ᠳᠤ ᠳᠡᠯᠭᠡᠷᠡᠭᠦᠯᠦᠨ ᠬᠡᠷᠡᠭᠯᠡᠵᠦ᠂ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠲᠣᠭᠲᠠᠭᠠᠪᠠ᠃ | ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 2022 ᠣᠨ ᠤ 3 ᠰᠠᠷ᠎ᠠ ᠶᠢᠨ 29 | | |