ᠮᠠᠨ ᠤ ᠬᠣᠰᠢᠭᠤ ᠢᠳᠡᠭᠡᠨ ᠦ ᠮᠦᠬᠦ ᠶᠢᠨ ᠠᠵᠤ ᠦᠢᠯᠡᠰ ᠦᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠥᠪᠳᠡᠯᠴᠡᠭᠡᠷ ᠦᠨ ᠬᠤᠷᠠᠯ ᠬᠤᠷᠠᠯᠳᠤᠪᠠ
  
2023/10/31
ᠮᠠᠨ ᠤ ᠬᠣᠰᠢᠭᠤ ᠢᠳᠡᠭᠡᠨ ᠦ ᠮᠦᠬᠦ ᠶᠢᠨ ᠠᠵᠤ ᠦᠢᠯᠡᠰ ᠦᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠥᠪᠳᠡᠯᠴᠡᠭᠡᠷ ᠦᠨ ᠬᠤᠷᠠᠯ ᠬᠤᠷᠠᠯᠳᠤᠪᠠ     9 ᠰᠠᠷ᠎ᠠ ᠶᠢᠨ 19 ᠦ ᠡᠳᠦᠷ ᠂ ᠬᠣᠰᠢᠭᠤᠨ ᠨᠠᠮ ᠤᠨ ᠬᠣᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠣᠰᠢᠭᠤᠨ ᠳᠠᠷᠤᠭ᠎ᠠ ᠾᠧ ᠰᠢᠤᠸᠠᠢ ᠭᠤᠸᠠᠩ ᠢᠳᠡᠭᠡᠨ ᠦ ᠮᠦᠬᠦ ᠶᠢᠨ ᠠᠵᠤ ᠦᠢᠯᠡᠰ ᠦᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠥᠪᠳᠡᠯᠴᠡᠭᠡᠷ ᠦᠨ ᠬᠤᠷᠠᠯ ᠢ ᠡᠷᠭᠢᠯᠡᠨ ᠬᠤᠷᠠᠯᠳᠤᠭᠤᠯᠵᠤ ᠂ ᠬᠠᠢ ᠯᠢᠨ ᠾᠦᠢ ᠨᠦᠩ ᠮᠦᠬᠦ ᠶᠢᠨ ᠠᠵᠤ ᠦᠢᠯᠡᠰ ᠦᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠢᠳᠡᠭᠡᠨ ᠦ ᠮᠦᠬᠦ ᠶᠢᠨ ᠠᠵᠤ ᠦᠢᠯᠡᠰ ᠦᠨ ᠬᠠᠮᠲᠤᠷᠠᠯᠴᠠᠭᠠᠨ ᠤ ᠶᠠᠪᠤᠳᠠᠯ ᠢ ᠵᠣᠯᠭᠠᠭᠤᠯᠪᠠ ᠃     ᠬᠤᠷᠠᠯ ᠳᠡᠭᠡᠷ᠎ᠡ ᠂ ᠮᠠᠨ ᠤ ᠬᠣᠰᠢᠭᠤᠨ ᠤ ᠢᠳᠡᠭᠡᠨ ᠦ ᠮᠦᠬᠦ ᠶᠢᠨ ᠠᠵᠤ ᠦᠢᠯᠡᠰ ᠢ ᠠᠬᠢᠭᠤᠯᠬᠤ ᠳᠤᠭᠤᠢᠯᠠᠩ ᠤᠨ ᠬᠢᠨ ᠬᠤᠷᠠᠯ ᠳᠤ ᠣᠷᠣᠯᠴᠠᠭᠰᠠᠳ ᠲᠤ ᠮᠠᠨ ᠤ ᠬᠣᠰᠢᠭᠤᠨ ᠤ ᠢᠳᠡᠭᠡᠨ ᠦ ᠮᠦᠬᠦ ᠶᠢᠨ ᠠᠵᠤ ᠦᠢᠯᠡᠰ ᠦᠨ ᠦᠨᠳᠦᠰᠦᠨ ᠪᠠᠢᠳᠠᠯ ᠢ ᠨᠠᠷᠢᠨ ᠲᠠᠨᠢᠯᠴᠠᠭᠤᠯᠵᠤ ᠂ ᠬᠠᠢ ᠯᠢᠨ ᠾᠦᠢ ᠨᠦᠩ ᠮᠦᠬᠦ ᠶᠢᠨ ᠦᠢᠯᠡᠰ ᠦᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠳᠤ ᠺᠣᠮᠫᠠᠨᠢ ᠶᠢᠨ ᠡᠵᠡᠩᠨᠡᠯᠲᠡ ᠶᠢᠨ ᠰᠡᠳᠬᠢᠴᠡ ᠪᠠ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠲᠠᠨᠢᠯᠴᠠᠭᠤᠯᠪᠠ ᠃ ᠬᠣᠶᠠᠷ ᠲᠠᠯ᠎ᠠ ᠪᠠᠷ ᠢᠶᠠᠨ ᠠᠵᠤ ᠦᠢᠯᠡᠰ ᠦᠨ ᠬᠠᠮᠲᠤᠷᠠᠯᠴᠠᠭᠠᠨ ᠤ ᠵᠠᠭᠪᠤᠷ ᠪᠣᠯᠣᠨ ᠵᠠᠬ᠎ᠠ ᠳᠡᠯᠭᠡᠭᠦᠷ ᠦᠨ ᠳᠡᠯᠭᠡᠷᠡᠭᠦᠯᠦᠯᠲᠡ ᠵᠡᠷᠭᠡ ᠬᠣᠯᠪᠣᠭᠳᠠᠯ ᠪᠦᠬᠦᠢ ᠤᠴᠢᠷ ᠶᠠᠪᠤᠳᠠᠯ ᠤᠨ ᠲᠠᠯ᠎ᠠ ᠪᠠᠷ ᠥᠷᠭᠡᠨ ᠭᠦᠨᠵᠡᠭᠡᠢ ᠰᠣᠯᠢᠯᠴᠠᠭ᠎ᠠ ᠬᠢᠵᠦ᠂ ᠢᠳᠡᠭᠡᠨ ᠦ ᠮᠦᠬᠦ ᠶᠢᠨ ᠠᠵᠤ ᠦᠢᠯᠡᠰ ᠦᠨ ᠬᠠᠮᠲᠤᠷᠠᠯᠴᠠᠭᠠᠨ ᠤ ᠲᠤᠬᠠᠢ ᠠᠩᠬ᠎ᠠ ᠠᠯᠬᠤᠮ ᠤᠨ ᠰᠠᠨᠠᠯ ᠲᠠᠢ ᠪᠣᠯᠪᠠ᠃     ᠡᡁᠸ᠋ ᠰᠢᠤᠸᠠᠢ ᠭᠤᠸᠠᠩ᠂ ᠣᠢᠷ᠎ᠠ ᠶᠢᠨ ᠵᠢᠯ ᠡᠴᠡ᠂ ᠣᠷᠴᠣᠨ ᠤ ᠥᠪᠡᠷᠲᠡᠭᠡᠨ ᠵᠠᠰᠠᠬᠤ ᠬᠣᠰᠢᠭᠤ 《ᠨᠢᠭᠡ ᠪᠡᠷ ᠭᠣᠣᠯ ᠪᠣᠯᠭᠠᠵᠤ ᠭᠤᠷᠪᠠ ᠶᠢ ᠣᠨᠴᠠᠭᠠᠢᠯᠠᠬᠤ》ᠠᠵᠤ ᠦᠢᠯᠡᠰ ᠦᠨ ᠳᠠᠪᠠᠭᠤᠯᠢᠭ ᠲᠤ ᠰᠠᠭᠤᠷᠢᠯᠠᠵᠤ᠂ ᠢᠳᠡᠭᠡᠨ ᠦ ᠮᠦᠬᠦ ᠶᠢᠨ ᠪᠦᠬᠦ ᠠᠵᠤ ᠦᠢᠯᠡᠰ ᠦᠨ ᠬᠡᠯᠬᠢᠶ᠎ᠡ ᠶᠢᠨ ᠬᠥᠭ᠍ᠵᠢᠯᠲᠡ ᠶᠢ ᠲᠠᠰᠤᠷᠠᠯᠲᠠ ᠦᠭᠡᠢ ᠠᠬᠢᠭᠤᠯᠵᠤ ᠪᠤᠢ᠃ ᠬᠣᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠢᠳᠡᠭᠡᠨ ᠦ ᠮᠦᠬᠦ ᠶᠢᠨ ᠠᠵᠤ ᠦᠢᠯᠡᠰ ᠦᠨ ᠦᠢᠯᠡᠳᠪᠦᠷᠢᠯᠡᠯ ᠦᠨ ᠰᠢᠰᠲ᠋ᠥᠮ ᠢ ᠲᠡᠭᠦᠯᠳᠡᠷᠵᠢᠭᠦᠯᠵᠦ᠂ ᠢᠳᠡᠭᠡᠨ ᠦ ᠮᠦᠬᠦ ᠶᠢᠨ ᠠᠵᠤ ᠦᠢᠯᠡᠰ ᠦᠨ ᠬᠡᠯᠬᠢᠶ᠎ᠡ ᠶᠢ ᠤᠷᠲᠤᠳᠬᠠᠵᠤ᠂ ᠤᠯᠠᠨ ᠲᠦᠮᠡᠨ ᠦ ᠣᠷᠣᠯᠭ᠎ᠠ ᠪᠠᠨ ᠨᠡᠮᠡᠭ᠍ᠳᠡᠭᠦᠯᠦᠨ ᠪᠠᠶᠠᠵᠢᠬᠤ ᠶᠢ ᠠᠬᠢᠭᠤᠯᠵᠤ᠂ ᠲᠣᠰᠬᠣᠨ ᠤ ᠬᠠᠮᠲᠤ ᠶᠢᠨ ᠠᠵᠤ ᠠᠬᠤᠢ ᠶᠢᠨ ᠲᠠᠰᠤᠷᠠᠯᠲᠠ ᠦᠭᠡᠢ ᠬᠥᠭ᠍ᠵᠢᠨ ᠪᠤᠵᠠᠭᠠᠢᠷᠠᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠣᠨ ᠢ ᠬᠥᠭ᠍ᠵᠢᠭᠦᠯᠦᠨ ᠮᠠᠨᠳᠤᠭᠤᠯᠬᠤ ᠶᠢᠨ ᠶᠠᠰᠤ ᠴᠢᠨᠠᠷ ᠢ ᠳᠡᠭᠡᠭ᠍ᠰᠢᠯᠡᠭᠦᠯᠵᠦ ᠦᠷ᠎ᠡ ᠠᠰᠢᠭ ᠢ ᠨᠡᠮᠡᠭ᠍ᠳᠡᠭᠦᠯᠬᠦ ᠳᠦ ᠪᠦᠲᠦᠮᠵᠢᠲᠡᠢ ᠬᠦᠴᠦᠨ     ᠡᡁᠸ᠋ ᠰᠢᠤᠸᠠᠢ ᠭᠤᠸᠠᠩ᠂ ᠡᠯ᠎ᠡ ᠠᠬᠢᠭᠤᠯᠬᠤ ᠳᠤᠭᠤᠢᠯᠠᠩ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠦᠨ ᠬᠢᠨ ᠪᠦᠬᠦ ᠬᠦᠴᠦᠨ ᠢᠶᠡᠷ ᠢᠶᠡᠨ ᠠᠵᠤ ᠠᠬᠤᠢᠯᠠᠯ ᠳᠤ ᠦᠢᠯᠡᠴᠢᠯᠡᠬᠦ ᠠᠵᠢᠯ ᠢ ᠰᠠᠢᠲᠤᠷ ᠬᠢᠵᠦ᠂ ᠠᠵᠢᠯ ᠤᠨ ᠲᠤᠰᠬᠠᠢ ᠠᠩᠭᠢ ᠪᠠᠢᠭᠤᠯᠵᠤ᠂ ᠡᠯᠧᠮᠧᠨ᠋ᠲ ᠦᠨ ᠪᠠᠲᠤᠯᠠᠭ᠎ᠠ ᠶᠢ ᠰᠠᠢᠲᠤᠷ ᠬᠢᠵᠦ᠂ ᠠᠵᠤ ᠠᠬᠤᠢᠯᠠᠯ ᠤᠨ ᠪᠡᠯᠡ ᠣᠷᠣᠭᠤᠯᠤᠯᠲᠠ ᠶᠢ ᠰᠠᠨᠠᠭ᠎ᠠ ᠠᠮᠤᠷ ᠪᠠᠢᠯᠭᠠᠵᠤ᠂ ᠦᠢᠯᠡᠰ ᠪᠣᠰᠬᠠᠬᠤ ᠶᠢ ᠰᠠᠨᠠᠭ᠎ᠠ ᠠᠮᠤᠷ ᠪᠠᠢᠯᠭᠠᠵᠤ᠂ ᠬᠥᠭ᠍ᠵᠢᠯᠲᠡ ᠶᠢ ᠤᠷᠤᠭᠰᠢᠲᠠᠢ ᠪᠣᠯᠭᠠᠬᠤ ᠬᠡᠷᠡᠭ᠍ᠲᠡᠢ᠃ ᠭᠠᠳᠠᠭᠠᠳᠤ ᠤᠬᠠᠭᠤᠯᠭ᠎ᠠ ᠶᠢᠨ ᠡᠷᠴᠢᠮ ᠢᠶᠡᠨ ᠴᠢᠩᠭᠠᠷᠠᠭᠤᠯᠵᠤ ᠂ ᠨᠡᠷ᠎ᠡ ᠠᠯᠳᠠᠷᠰᠢᠯ ᠢᠶᠠᠨ ᠥᠷᠭᠡᠳᠬᠡᠨ ᠂ ᠨᠥᠯᠥᠭᠡᠯᠡᠬᠦ ᠬᠦᠴᠦᠨ ᠢᠶᠡᠨ ᠳᠡᠭᠡᠭ᠍ᠰᠢᠯᠡᠭᠦᠯᠵᠦ ᠂ ᠣᠯᠠᠨ ᠲᠦᠮᠡᠨ ᠦ ᠮᠡᠳᠡᠷᠡᠮᠵᠢ ᠶᠢᠨ ᠬᠡᠮᠵᠢᠶ᠎ᠡ ᠂ ᠣᠷᠤᠯᠴᠠᠯᠭ᠎ᠠ ᠶᠢᠨ ᠬᠡᠮᠵᠢᠶ᠎ᠡ ᠶᠢ ᠨᠡᠮᠡᠭ᠍ᠳᠡᠭᠦᠯᠦᠨ ᠂ ᠬᠦᠴᠦᠷᠬᠡᠭ ᠶᠡᠬᠡ ᠬᠦᠴᠦᠨ ᠢ ᠨᠢᠭ᠌ᠲᠠᠷᠠᠭᠤᠯᠵᠤ ᠂ ᠮᠠᠨ ᠤ ᠬᠣᠰᠢᠭᠤᠨ ᠤ ᠢᠳᠡᠭᠡᠨ ᠦ ᠮᠦᠬᠦ ᠶᠢᠨ ᠠᠵᠤ ᠦᠢᠯᠡᠰ ᠦᠨ ᠬᠥᠭ᠍ᠵᠢᠯᠲᠡ ᠶᠢ ᠲᠦᠷᠭᠡᠳᠬᠡᠬᠦ ᠬᠡᠷᠡᠭ᠍ᠲᠡᠢ ᠃     ᠬᠣᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠠᠢ ᠹᠧᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠦᠨ ᠭᠣᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ ᠃ 
   