ᠳ᠋ᠠ ᠶᠠᠩ ᠱᠦ  ᠪᠠᠯᠭᠠᠰᠤᠨ ᠤ ᠰᠢᠶᠠᠩ ᠤᠨ ᠵᠠᠮ᠂ ᠲᠣᠰᠬᠤᠨ ᠤ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2023/11/30
ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠲᠣᠰᠬᠤᠨ ︵ᠰᠠᠭᠤᠭᠠᠯᠢ ᠠᠷᠠᠳ︶ ᠳᠤ᠄ᠨᠢᠭᠡᠳᠦᠭᠡᠷ ᠪᠦᠯᠦᠭ ᠶᠡᠷᠦᠩᠬᠡᠢ ᠳᠦᠷᠢᠮᠬᠥᠳᠡᠭᠡ ᠲᠣᠰᠬᠤᠨ ᠤ ᠵᠠᠮ ᠢ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠶᠢ ᠴᠢᠩᠭᠠᠳᠬᠠᠨ ᠵᠢᠷᠤᠮᠵᠢᠭᠤᠯᠬᠤ ᠶᠢᠨ ᠲᠤᠰᠠᠳᠠ᠂ ︽ᠰᠢᠶᠠᠨ ᠤ ᠵᠠᠮ ᠢ ᠰᠢᠶᠠᠨ ᠳᠤ ᠠᠷᠠᠴᠢᠯᠠᠨ ᠲᠡᠵᠢᠭᠡᠬᠦ᠂ ᠰᠢᠶᠠᠩ ᠤᠨ ᠵᠠᠮ ᠢ ᠰᠢᠶᠠᠩ ᠳᠤ ᠠᠷᠠᠴᠢᠯᠠᠨ ᠲᠡᠵᠢᠭᠡᠬᠦ᠂ ᠲᠣᠰᠬᠤᠨ ᠤ ᠵᠠᠮ ᠢ ᠲᠣᠰᠬᠤᠨ ᠳᠤ ᠠᠷᠠᠴᠢᠯᠠᠨ ᠲᠡᠵᠢᠭᠡᠬᠦ︾ ᠭᠤᠷᠪᠠᠨ ᠱᠠᠲᠤᠨ ᠤ ᠬᠠᠮᠢᠶᠠᠷᠤᠨ ᠲᠡᠵᠢᠭᠡᠬᠦ ᠵᠠᠷᠴᠢᠮ ᠶᠣᠰᠣᠭᠠᠷ᠂ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠥᠳᠡᠭᠡ ᠲᠣᠰᠬᠤᠨ ᠤ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠮᠠᠨ ᠤ ᠪᠠᠯᠭᠠᠰᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ᠬᠤᠶᠠᠳᠤᠭᠠᠷ ᠵᠦᠢᠯ ᠬᠥᠳᠡᠭᠡ ᠲᠣᠰᠬᠤᠨ ᠤ ᠵᠠᠰᠠᠮᠠᠯ ᠵᠡᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠳᠤ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ᠂ ᠤᠯᠡᠠ ᠲᠦᠮᠡᠨ ᠣᠷᠣᠯᠴᠠᠬᠤ᠂ ᠲᠤᠰᠬᠠᠢ ᠠᠷᠠᠴᠢᠯᠠᠨ ᠬᠠᠮᠠᠭᠠᠯᠠᠬᠤ ᠪᠠ ᠡᠳᠦᠷ ᠲᠤᠳᠦᠮ ᠤᠨ ᠠᠷᠠᠴᠢᠯᠠᠨ ᠬᠠᠮᠠᠭᠠᠯᠠᠬᠤ ᠶᠢ ᠤᠶᠠᠯᠳᠤᠭᠤᠯᠬᠤ ᠵᠠᠷᠴᠢᠮ ᠢ ᠵᠢᠷᠤᠮᠯᠠᠬᠤ ᠬᠡᠷᠡᠭᠲᠡᠢ᠃ᠭᠤᠷᠪᠠᠳᠤᠭᠠᠷ ᠵᠦᠢᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯ ᠬᠥᠳᠡᠭᠡ ᠲᠣᠰᠬᠤᠨ ᠤ ᠵᠠᠰᠠᠮᠠᠯ ᠵᠡᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠬᠠᠷᠢᠭᠤᠴᠠᠯᠭᠠᠲᠤ ᠪᠡᠶᠡᠴᠢ ᠴᠣᠭᠴᠠ ᠮᠥᠨ᠃ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠪᠠᠷ ᠰᠢᠶᠠᠩ ᠤᠨ ᠵᠠᠮ ᠤᠨ ᠳᠠᠷᠤᠭ᠎ᠠ ᠪᠣᠯᠭᠠᠭᠰᠠᠨ᠂ ᠡᠯ᠎ᠡ ᠲᠣᠰᠬᠤᠨ ᠤ ᠱᠦᠵᠢ ᠪᠠᠷ ᠲᠣᠰᠬᠤᠨ ᠤ ᠵᠠᠮ ᠤᠨ ᠳᠠᠷᠤᠭ᠎ᠠ ᠪᠣᠯᠭᠠᠭᠰᠠᠨ ᠳ᠋ᠠ ᠶᠠᠩ ᠱᠣ ᠪᠠᠯᠭᠠᠰᠤᠨ ᠤ ︽ᠵᠠᠮ ᠤᠨ ᠳᠠᠷᠤᠭ᠎ᠠ ᠶᠢᠨ ᠳᠦᠷᠢᠮ︾ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠭᠤᠯᠤᠨ᠎ᠠ᠃ᠬᠤᠶᠠᠳᠤᠭᠠᠷ ᠪᠦᠯᠦᠭ ᠠᠷᠠᠴᠢᠯᠠᠨ ᠬᠠᠮᠠᠭᠠᠯᠠᠬᠤᠳᠥᠷᠪᠡᠳᠦᠭᠡᠷ ᠵᠦᠢᠯ ᠰᠠᠷ᠎ᠠ ᠶᠢᠨ ᠲᠣᠭᠤᠷᠢᠨ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠣᠰᠬᠤᠨ ᠤ ᠵᠠᠮ ᠤᠨ ᠳᠠᠷᠤᠭ᠎ᠠ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠳ᠋ᠠ ᠶᠠᠩ ᠱᠣ ᠪᠠᠯᠭᠠᠰᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ︿ᠵᠠᠮ ᠤᠨ ᠳᠠᠷᠤᠭ᠎ᠠ ᠶᠢᠨ ᠳᠦᠷᠢᠮ﹀ ᠢ ᠬᠡᠷᠡᠭᠵᠢᠭᠦᠯᠬᠦ ᠲᠥᠰᠥᠯ︾᠂ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠳ᠋ᠠ ᠶᠠᠩ ᠱᠣ ᠪᠠᠯᠭᠠᠰᠤᠨ ᠤ ︿ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ﹀ ᠢ ᠬᠡᠷᠡᠭᠵᠢᠭᠦᠯᠬᠦ ᠲᠥᠰᠥᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠦᠨᠳᠦᠰᠦᠯᠡᠨ᠂ ᠲᠣᠰᠬᠤᠨ ᠤ ᠵᠠᠮ ᠢ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠰᠠᠷ᠎ᠠ ᠶᠢᠨ ᠲᠣᠭᠤᠷᠢᠨ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠣᠰᠣᠭᠠᠷ ᠲᠣᠭᠤᠷᠢᠨ ᠬᠠᠮᠠᠭᠠᠯᠠᠬᠤ ᠲᠡᠮᠳᠡᠭᠯᠡᠯ ᠤᠨ ᠬᠦᠰᠦᠨᠦᠭᠲᠦ ᠶᠢ ᠲᠠᠭᠯᠠᠵᠤ᠂ ᠲᠣᠭᠤᠷᠢᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠥᠪᠡᠰᠦᠪᠡᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠳᠠᠷᠤᠢ ᠲᠦᠷᠭᠡᠨ ᠴᠡᠭᠴᠡᠯᠡᠨ ᠰᠠᠶᠢᠵᠢᠷᠠᠭᠤᠯᠵᠤ᠂ ᠵᠠᠮ ᠤᠨ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ ᠥᠪᠡᠰᠦᠪᠡᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠂ ᠠᠵᠤ ᠠᠬᠤᠢ ᠶᠢᠨ ᠬᠥᠭᠵᠢᠯᠲᠡ ᠶᠢᠨ ᠠᠯᠪᠠᠨ ᠭᠡᠷ ᠲᠤ ᠮᠡᠳᠡᠭᠦᠯᠦᠨ᠂ ᠨᠢᠭᠡᠳᠦᠯᠲᠡᠢ ᠲᠥᠯᠥᠪᠯᠡᠨ ᠰᠡᠯᠪᠢᠨ ᠵᠠᠰᠠᠬᠤ ᠬᠡᠷᠡᠭᠲᠡᠢ᠃ᠲᠠᠪᠤᠳᠤᠭᠠᠷ ᠵᠦᠢᠯ ︽ᠳ᠋ᠠ ᠶᠠᠩ ᠱᠣ ᠪᠠᠯᠭᠠᠰᠤᠨ ᠤ︿ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ﹀ᠨᠡᠶᠢᠲᠡ ᠶᠢᠨ ᠭᠡᠷ᠎ᠡ﹀ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠰ ᠭᠠᠴᠠᠭᠠᠨ ᠤ ᠪᠠᠨ ︿ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ﹀ ᠨᠡᠶᠢᠲᠡ ᠶᠢᠨ ᠭᠡᠷ᠎ᠡ ᠶᠢ ᠲᠣᠭᠲᠠᠭᠠᠵᠤ᠂ ᠲᠤᠰ ᠭᠠᠴᠠᠭᠠᠨ ᠳᠠᠭᠠᠨ ᠥᠷᠭᠡᠨ ᠢᠶᠠᠷ ᠤᠬᠠᠭᠤᠯᠵᠤ᠂ ᠪᠦᠬᠦ ᠭᠠᠴᠠᠭᠠᠨ ᠤ ᠲᠠᠷᠢᠶᠠᠴᠢᠨ ᠡᠷᠦᠬᠡ ᠶᠢ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠠᠵᠢᠯ ᠳᠤ ᠬᠠᠮᠲᠤ ᠪᠠᠷ ᠣᠷᠣᠯᠴᠠᠭᠤᠯᠬᠤ ᠪᠠᠷ ᠤᠷᠢᠶᠠᠯᠠᠵᠤ᠂ ᠲᠤᠰ ᠭᠠᠴᠠᠭᠠᠨ ᠤ ᠪᠠᠨ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠬᠠᠮᠲᠤ ᠪᠠᠷ ᠬᠠᠮᠠᠭᠠᠯᠠᠨ᠎ᠠ᠃ᠭᠤᠷᠪᠠᠳᠤᠭᠠᠷ ᠪᠦᠯᠦᠭ ᠬᠢᠨᠠᠨ ᠰᠢᠯᠭᠠᠬᠤ ᠪᠠ ᠱᠠᠩᠨᠠᠵᠤ ᠰᠢᠳᠬᠡᠬᠦᠵᠢᠷᠭᠤᠳᠤᠭᠠᠷ ᠵᠦᠢᠯ ︽ᠵᠠᠮ ᠤᠨ ᠳᠠᠷᠤᠭ᠎ᠠ ᠶᠢᠨ ᠳᠦᠷᠢᠮ︾ ᠤᠨ ᠠᠵᠢᠯ ᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ ᠬᠥᠬᠢᠭᠦᠯᠦᠨ ᠰᠠᠶᠢᠰᠢᠶᠠᠵᠤ᠂ ᠠᠵᠢᠯ ᠢᠶᠠᠨ ᠥᠷᠨᠢᠭᠦᠯᠬᠦ ᠶᠢ ᠴᠢᠬᠤᠯᠠᠴᠢᠯᠠᠬᠤ ᠦᠭᠡᠢ᠂ ᠳᠤᠷᠠ ᠶᠢᠨ ᠵᠤᠷᠪᠤᠰ ᠢ ᠨᠠᠶᠢᠳᠠᠪᠤᠷᠢᠵᠢᠭᠤᠯᠤᠭᠰᠠᠨ ᠦᠭᠡᠢ ᠠᠵᠢᠯ ᠢ ᠪᠣᠳᠠᠲᠠᠶᠢᠵᠢᠭᠤᠯᠤᠭᠰᠠᠨ ᠦᠭᠡᠢ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠮᠡᠳᠡᠭᠡᠯᠡᠬᠦ ᠬᠡᠷᠡᠭᠲᠡᠢ᠃ ᠰᠢᠶᠠᠩ ᠟ᠣᠨ ᠵᠠᠮ᠂ ᠲᠣᠰᠬᠤᠨ ᠟ᠣ ᠵᠠᠮ ᠟ᠢ ᠬᠠᠮᠢᠶᠠᠷᠴᠤ ᠠᠷᠠᠴᠢᠯᠠᠨ ᠬᠠᠮᠠᠭᠠᠯᠠᠬᠤ ᠠᠵᠢᠯ ᠟ᠢ ︽ᠲᠦᠷᠪᠡᠨ ᠰᠠᠶᠢᠨ ᠬᠥᠳᠡᠭᠡ ᠲᠣᠰᠬᠤᠨ ᠟ᠣ ᠵᠠᠮ︾ ᠪᠣᠯᠣᠨ ᠦᠵᠡᠰᠬᠦᠯᠡᠩᠲᠦ ᠰᠠᠶᠢᠬᠠᠨ ᠵᠠᠰᠠᠮᠠᠯ ᠵᠠᠮ ᠟ᠣᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠵᠦᠢᠯ ᠟ᠣᠨ ᠬᠢᠨᠠᠨ ᠰᠢᠯᠭᠠᠬᠤ ᠟ ᠲᠤ ᠣᠷᠣᠭᠤᠯᠬᠤ ᠶᠢᠨ ᠬᠠᠮᠲᠤ ᠣᠨ ᠟ᠣ ᠬᠢᠨᠠᠨ ᠰᠢᠯᠭᠠᠬᠤ  ᠯᠤᠭ᠎ᠠ ᠬᠤᠯᠪᠣᠭᠳᠠᠭᠤᠯᠵᠤ᠂ ᠰᠢᠶᠠᠩ ᠟ᠣᠨ ᠵᠠᠮ᠂ ᠲᠣᠰᠬᠤᠨ ᠟ᠣ ᠵᠠᠮ ᠟ᠣᠨ ᠬᠠᠮᠢᠶᠠᠷᠤᠯᠲᠠ ᠶᠢᠨ ᠠᠵᠢᠯ ᠟ᠣᠨ ᠡᠯ᠎ᠡ ᠵᠦᠢᠯ ᠟ᠣᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃  
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ