| | ᠲᠥᠯᠥᠭᠡᠯᠡᠭᠴᠢᠳ ᠠ᠋᠄ | ᠤᠲᠤ ᠪᠢ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ | ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠳᠣᠶᠢᠷᠤ ᠶᠢᠨ ᠵᠣᠶᠢᠪᠯᠠᠯᠭᠠ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠮᠥᠨ᠂ ᠪᠠᠰᠠ ᠴᠤ ᠲᠤᠶᠢᠯ ᠤᠨ ᠶᠡᠷᠦ ᠪᠤᠰᠤ ᠶᠢᠨ᠂ | ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠬᠢᠯᠪᠡᠷ ᠪᠤᠰᠤ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠬᠤᠷᠢᠭᠯᠠᠬᠤ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠭᠦᠯᠬᠦ ᠶᠢ ᠠᠮᠤᠷ ᠲᠦᠪᠰᠢᠨ ᠪᠠᠶᠢᠯᠭᠠᠬᠤ ᠴᠢᠬᠤᠯᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠦᠷ᠎ᠡ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ | ᠲᠠᠪᠤᠨ ᠶᠡᠭᠡ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ᠲᠠᠪᠤᠨ ᠶᠡᠭᠡ ᠰᠠᠭᠤᠷᠢ ᠲᠠᠯᠪᠢᠬᠤ ᠠᠵᠢᠯᠯᠠᠭ᠎ᠠ ᠶᠢ ᠲᠦᠯᠬᠢᠨ ᠠᠬᠢᠭᠤᠯᠵᠤ᠂ ᠲᠠᠪᠤᠨ ᠵᠢᠱᠢᠶ᠎ᠡ | ᠦᠵᠡᠭᠦᠯᠬᠦ ᠪᠠᠷ ᠴᠢᠷᠮᠠᠶᠢᠵᠤ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠯ ᠲᠠᠢ ᠠᠮᠤᠷ | ᠠᠮᠤᠭᠤᠯᠠᠩ ᠣᠷᠴᠣᠨ ᠤ ᠪᠦᠲᠦᠭᠡᠨ ᠪᠠᠶᠢᠭᠤᠯᠤᠯᠲᠠ ᠰᠢᠨ᠎ᠡ ᠠᠯᠬᠤᠮ ᠢ ᠠᠯᠬᠤᠵᠤ᠂ ᠰᠢᠨ᠎ᠡ ᠦᠷ᠎ᠡ ᠪᠦᠲᠦᠮᠵᠢ ᠣᠯᠪᠠ᠃ | ᠨᠢᠭᠡ ᠵᠢᠯ ᠤᠨ ᠲᠤᠷᠰᠢ᠂ ᠪᠢᠳᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠶᠢ ᠪᠠᠷᠢᠮᠲᠠᠯᠠᠨ᠂ ᠬᠥᠭᠵᠢᠯᠲᠡ ᠶᠢ ᠠᠳᠬᠤᠵᠤ ᠨᠡᠮᠡᠭᠳᠡᠯ ᠢ | ᠲᠣᠭᠲᠠᠪᠤᠷᠢᠵᠢᠭᠤᠯᠵᠤ᠂ ᠠᠵᠤ ᠠᠬᠤᠢ ᠶᠢᠨ ᠪᠠᠶᠢᠳᠠᠯ ᠢ ᠲᠣᠭᠲᠠᠪᠤᠷᠢᠵᠢᠭᠤᠯᠬᠤ ᠶᠢᠨ ᠵᠡᠷᠭᠡ ᠳᠤ ᠰᠠᠶᠢᠵᠢᠷᠠᠭᠤᠯᠤᠨ᠎ᠠ | ᠠᠵᠤ ᠠᠬᠤᠢ ᠶᠢᠨ ᠭᠤᠣᠯ ᠭᠦᠢᠴᠡᠳᠬᠡᠬᠦ ᠲᠤᠭ᠎ᠠ ᠶᠢ ᠲᠡᠷᠢᠭᠦᠨ ᠳᠤ ᠲᠠᠯᠪᠢᠬᠤ ᠪᠠᠷ ᠴᠢᠷᠮᠠᠶᠢᠨ᠎ᠠ᠃ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ | 83.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠪᠡ︔ ᠬᠤᠲᠠ ᠪᠠᠯᠭᠠᠰᠤ ᠪᠠ ᠬᠥᠳᠡᠭᠡ ᠲᠣᠰᠬᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 31063 ᠲᠥᠭᠦᠷᠢᠭ ᠪᠠ 13763 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠪᠠ 7.7% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠢ ᠲᠤᠭ᠎ᠠ 17.5 ᠳ᠋ᠦᠩᠰᠢᠭᠤᠷ ᠲᠥᠭᠦᠷᠢᠭ ᠲᠤ ᠬᠥᠷᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2.62 ᠳ᠋ᠦᠩᠰᠢᠭᠤᠷ | ᠲᠥᠭᠦᠷᠢᠭ ᠲᠤ ᠬᠦᠷᠴᠦ᠂ ᠲᠡᠦᠬᠡᠲᠦ ᠴᠢᠨᠠᠷᠲᠠᠢ ᠪᠠᠷ 2 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 74.7% | ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠬᠤᠶᠠᠳᠤᠭᠠᠷ ᠲᠤ ᠣᠷᠣᠪᠠ᠃ 108 ᠭᠤᠣᠯᠳᠠᠯᠭ᠎ᠠ ᠲᠠᠢ ᠲᠥᠷᠥᠯ ᠵᠦᠢᠯ ᠢ ᠤᠬᠠᠭᠠᠯᠠᠨ | ᠬᠡᠷᠡᠭᠵᠢᠭᠦᠯᠵᠦ᠂ ᠣᠨ ᠤ ᠪᠡᠯᠡ ᠣᠷᠣᠭᠤᠯᠤᠯᠲᠠ ᠶᠢ 13.71 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 129. | 7%᠂ 63.7% ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 13.03 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 14.9% ᠨᠡᠮᠡᠭᠳᠡᠪᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠨ ᠳᠡᠭᠡᠭᠰᠢᠯᠡᠪᠡ᠃ ᠰᠦᠯᠵᠢᠶ᠎ᠡ ᠪᠠᠷ ᠡᠷᠭᠢᠯᠡᠭᠰᠡᠨ ᠤᠴᠢᠷ ᠶᠠᠪᠤᠳᠠᠯ 93.8% ᠳᠤ | ᠬᠦᠷᠴᠦ᠂ 44 ᠵᠦᠢᠯ ᠤᠨ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ ᠰᠦᠯᠵᠢᠶ᠎ᠡ ᠪᠠᠷ ᠪᠠᠷᠢᠯᠭ᠎ᠠ ᠪᠠᠷᠢᠬᠤ | ᠵᠥᠪᠰᠢᠶᠡᠷᠡᠯ ᠢ ᠲᠣᠰ ᠡᠳᠦᠷ ᠲᠤ ᠭᠦᠢᠴᠡᠳᠬᠡᠵᠦ ᠳᠠᠭᠤᠰᠬᠠᠬᠤ ᠶᠢ ᠪᠡᠶᠡᠯᠡᠭᠦᠯᠵᠦ᠂ ᠪᠥᠬᠦ ᠬᠤᠲᠠ ᠳᠤ ᠡᠩ ᠲᠡᠷᠢᠭᠦᠨ ᠳᠤ ︽ᠭᠠᠵᠠᠷ ᠠᠪᠤᠪᠠᠯ ᠳᠠᠷᠤᠢ ᠠᠵᠢᠯ | ᠡᠬᠢᠯᠡᠭᠦᠯᠬᠦ︾ ᠶᠢ ᠪᠡᠶᠡᠯᠡᠭᠦᠯᠵᠦ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠴᠠᠭ ᠢ 45 ᠠᠵᠢᠯ ᠤᠨ ᠡᠳᠦᠷ ᠠᠴᠠ 15 ᠠᠵᠢᠯ ᠤᠨ ᠡᠳᠦᠷ ᠤᠨ ᠳᠣᠲᠣᠷ᠎ᠠ | ᠪᠣᠯᠭᠠᠨ ᠪᠠᠭᠠᠰᠬᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠬᠠᠮ ᠬᠡᠯᠪᠡᠷᠢ ᠶᠢᠨ ᠭᠠᠶᠢᠯᠢ | ᠰᠦᠢᠳᠬᠡᠯ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ 1.28 | ᠲᠦᠮᠡᠨ ᠡᠷᠦᠬᠡ ᠳᠤ ᠠᠰᠢᠭ ᠬᠦᠷᠲᠡᠭᠡᠪᠡ︔ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠴᠠᠬᠢᠯᠭᠠᠨ ᠤ | ᠰᠦᠢᠳᠬᠡᠯ ᠢ 1315.7 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠭᠡᠷ᠎ᠡ ᠲᠣᠭᠲᠠᠬᠤ ᠲᠥᠷᠥᠯ ᠵᠦᠢᠯ | 18 ᠪᠠᠶᠢᠵᠤ᠂ ᠭᠡᠷ᠎ᠡ ᠲᠣᠭᠲᠠᠬᠤ ᠪᠡᠯᠡ ᠮᠥᠩᠭᠦ 164.41 ᠳ᠋ᠦᠩᠰᠢᠭᠤᠷ ᠲᠥᠭᠦᠷᠢᠭ᠂ ᠪᠣᠳᠠᠲᠠᠶᠢᠵᠢᠭᠤᠯᠤᠭᠰᠠᠨ ᠪᠡᠯᠡ ᠮᠥᠩᠭᠦ 0.84 ᠳ᠋ᠦᠩᠰᠢᠭᠤᠷ | ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 180% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠭᠤᠷᠪᠠᠳᠤᠭᠠᠷ ᠲᠤ ᠣᠷᠣᠪᠠ᠃ | | ᠨᠢᠭᠡ ᠵᠢᠯ ᠤᠨ ᠲᠤᠷᠰᠢ᠂ ᠪᠢᠳᠡ ᠪᠦᠲᠦᠴᠡ ᠶᠢ ᠰᠢᠯᠢᠳᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ᠰᠠᠭᠤᠷᠢ ᠶᠢ ᠠᠳᠬᠤᠨ ᠳᠤᠲᠠᠭᠤᠳᠠᠯ ᠢ ᠨᠥᠬᠦᠪᠦᠷᠢᠯᠡᠵᠦ᠂ | ᠠᠵᠤ ᠦᠢᠯᠡᠰ ᠤᠨ ᠬᠥᠭᠵᠢᠯᠲᠡ ᠶᠢᠨ ᠲᠤᠭ᠎ᠠ ᠪᠠ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠪᠡ | ᠲᠠᠷᠢᠶᠠᠯᠠᠩ ᠮᠠᠯ ᠠᠵᠤ ᠠᠬᠤᠢ ᠶᠢᠨ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠵᠦ ᠶᠠᠰᠤ ᠴᠢᠨᠠᠷ ᠢ ᠨᠡᠮᠡᠭᠳᠡᠭᠦᠯᠦᠨ ᠠᠮᠤ ᠪᠤᠳᠠᠭᠠᠨ ᠤ ᠳᠠᠷᠢᠬᠤ ᠲᠠᠯᠠᠪᠠᠶ 432 | ᠲᠦᠮᠡᠨ ᠮᠦ᠂ ᠰᠢᠷᠣᠢ ᠬᠡᠮᠵᠢᠨ ᠪᠣᠷᠳᠣᠭᠤᠷ ᠣᠷᠣᠭᠤᠯᠬᠤ ᠶᠢ ᠳᠡᠯᠭᠡᠷᠡᠭᠦᠯᠬᠦ ᠲᠠᠯᠠᠪᠠᠶ 416 ᠲᠦᠮᠡᠨ ᠮᠦ᠂ ᠠᠮᠤ ᠪᠤᠳᠠᠭᠠᠨ ᠤ ᠤᠨᠠᠯᠲᠠ 11.7 ᠳ᠋ᠦᠩᠰᠢᠭᠤᠷ | ᠵᠢᠩ︔ ᠮᠠᠯ ᠤᠨᠤᠭ᠎ᠠ ᠨᠡᠶᠢᠲᠡ 43.5 ᠲᠦᠮᠡᠨ ᠲᠣᠯᠣᠭᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠰᠢᠷ᠎ᠠ ᠪᠤᠷᠴᠠᠭ ᠤᠨ ᠲᠠᠷᠢᠶ᠎ᠠ ᠶᠢ ᠦᠵᠡᠵᠦ ᠦᠷ᠎ᠡ ᠰᠣᠩᠭᠤᠬᠤ | ᠲᠠᠪᠴᠠᠩ ᠢ ᠰᠠᠶᠢᠲᠤᠷ ᠠᠰᠢᠭᠯᠠᠵᠤ᠂ 398.8 ᠲᠦᠮᠡᠨ ᠮᠦ ᠰᠢᠷ᠎ᠠ ᠪᠤᠷᠴᠠᠭ ᠲᠠᠷᠢᠵᠤ᠂ ᠰᠢᠷ᠎ᠠ ᠪᠤᠷᠴᠠᠭ᠂ ᠲᠣᠰᠣᠯᠢᠭ ᠲᠠᠷᠢᠮᠠᠯ ᠤᠨ ᠦᠷ᠎ᠡ ᠶᠢ ᠥᠷᠭᠡᠳᠬᠡᠬᠦ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠯᠤᠰ ᠤᠨ ᠲᠡᠰ ᠤᠨ ᠰᠢᠷ᠎ᠠ ᠪᠤᠷᠴᠠᠭ ᠲᠠᠷᠢᠬᠤ ᠲᠣᠮᠣ ᠰᠢᠶᠠᠨ ᠢᠶᠠᠷ ᠦᠨᠡᠯᠡᠭᠳᠡᠪᠡ᠃ ᠲᠠᠷᠢᠶᠠᠯᠠᠩ ᠤᠨ ᠮᠧᠬᠠᠨᠢᠭ | ᠬᠤᠳᠠᠯᠳᠤᠨ ᠠᠪᠬᠤ ᠨᠥᠬᠦᠪᠦᠷᠢ᠂ ᠦᠢᠯᠡᠳᠪᠦᠷᠢᠯᠡᠭᠴᠢ ᠶᠢᠨ ᠨᠥᠬᠦᠪᠦᠷᠢ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ 6 ᠵᠦᠢᠯ ᠤᠨ ᠲᠦᠷᠦ ᠶᠢᠨ ᠪᠣᠳᠣᠯᠭ᠎ᠠ ᠶᠢ | ᠨᠠᠷᠢᠯᠢᠭ ᠣᠨᠣᠴᠠᠲᠠᠢ ᠪᠠᠷ ᠡᠮᠬᠢ ᠵᠢᠷᠤᠮ ᠲᠠᠢ ᠪᠠᠷ ᠨᠠᠶᠢᠳᠠᠪᠤᠷᠢᠵᠢᠭᠤᠯᠵᠤ᠂ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ 12.57 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠮᠧᠬᠠᠨᠢᠭᠵᠢᠭᠤᠯᠤᠯᠲᠠ ᠶᠢᠨ ᠨᠤᠷᠮ᠎ᠠ ᠶᠢ 94% ᠳᠤ ᠬᠦᠷᠭᠡᠪᠡ᠃ 91.5 ᠲᠦᠮᠡᠨ ᠮᠤ ᠵᠡᠭᠦᠨ | ᠬᠤᠶᠢᠲᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠭᠠᠵᠠᠷ ᠤᠨ ᠥᠩ ᠰᠢᠮ᠎ᠡ ᠶᠢᠨ ᠬᠢᠷᠢ ᠬᠡᠮᠵᠢᠶ᠎ᠡ | ᠢᠯᠡᠳᠲᠡ ᠰᠠᠶᠢᠵᠢᠷᠠᠪᠠ᠃ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 1 ᠭᠤᠶᠤᠴᠢᠯᠠᠨ ᠮᠡᠳᠡᠭᠦᠯᠵᠦ᠂ 2 ᠠᠵᠤ | ᠠᠬᠤᠶᠢᠯᠠᠯ ᠬᠥᠯᠥᠨ ᠪᠤᠶᠢᠷ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ ᠭᠥᠷᠳᠡᠪᠡ᠃ | |