ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ 2023 ᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠬᠤᠶᠠᠷ︶
ᠨᠡᠶᠢᠲᠡᠯᠡᠭᠰᠡᠨ ᠴᠠᠭ᠄
2023/12/4
      ᠠᠵᠤ ᠦᠢᠯᠡᠳᠪᠦᠷᠢ ᠶᠢᠨ ᠡᠷᠴᠢᠮᠵᠢᠭᠦᠯᠦᠨ ᠲᠥᠪᠯᠡᠷᠡᠭᠰᠡᠨ ᠬᠥᠭᠵᠢᠯᠲᠡ ᠶᠢᠨ ᠬᠠᠨᠳᠤᠰᠢ ᠲᠦᠷᠭᠡᠳᠪᠡ᠃ ᠭᠦᠸᠧ ᠶᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠤᠤᠯ ᠤᠨ ᠬᠦᠳᠡᠷ ᠤᠨ ᠪᠦᠳᠦᠭᠦᠯᠢᠭ ᠮᠥᠬᠦᠯᠢᠭᠲᠦ ᠬᠡᠷᠡᠯ ᠴᠠᠬᠢᠯᠭᠠᠨ ᠤ ᠬᠠᠶᠠᠭᠳᠠᠮᠠᠯ ᠪᠣᠳᠠᠰ ᠢ ᠬᠠᠶᠠᠬᠤ ᠢᠨᠵᠧᠨᠧᠷᠢᠩ ᠢ ᠵᠢᠷᠤᠮᠵᠢᠭᠤᠯᠤᠨ ᠡᠵᠡᠩᠨᠡᠬᠦ ᠶᠢ ᠳᠡᠮᠵᠢᠵᠦ᠂ ᠵᠣᠨ ᠤ ᠡᠳᠦᠷ ᠤᠨ ᠨᠠᠷᠠᠲᠤ ᠲᠥᠷᠥᠯ ᠲᠡᠮᠳᠡᠭᠲᠦ ᠶᠢ 2022 ᠣᠨ ᠤ ᠥᠪᠥᠷ ᠮᠣᠩᠭᠤᠯ ᠤᠨ ᠵᠠᠭᠤᠨ ᠬᠦᠴᠦᠷᠬᠡᠭ ᠨᠠᠷᠠᠲᠤ ᠲᠥᠷᠥᠯ ᠲᠡᠮᠳᠡᠭᠲᠦ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠹᠦ᠋ ᠰᠢ ᠶᠢᠨ ᠠᠮᠤ ᠪᠤᠳᠠᠭ᠎ᠠ ᠲᠣᠰᠣ ᠶᠢ ᠠᠮᠵᠢᠯᠲᠠ ᠲᠠᠢ ᠪᠠᠷ ᠲᠣᠭᠲᠠᠭᠠᠯ ᠳᠤ ᠣᠷᠣᠭᠤᠯᠵᠤ᠂ ᠲᠣᠭᠲᠠᠭᠠᠯ ᠳᠤ ᠲᠣᠭᠲᠠᠭᠠᠭᠰᠠᠨ ᠠᠵᠤ ᠠᠬᠤᠶᠢᠯᠠᠯ 5 ᠪᠣᠯᠵᠤ᠂ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠪᠣᠶ ᠪᠣᠯᠭᠠᠪᠠ ᠃ 7 ᠬᠡᠷᠡᠯ ᠴᠡᠨᠡᠭ ᠤᠨ ᠲᠥᠷᠥᠯ ᠵᠦᠢᠯ ᠢ ᠬᠡᠷᠡᠭᠵᠢᠭᠦᠯᠵᠦ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠣᠭᠲᠠᠭᠤᠨ ᠢᠶᠠᠷ ᠠᠬᠢᠭᠤᠯᠵᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠠᠵᠢᠯ ᠤᠨ ᠪᠠᠶᠢᠳᠠᠯ ᠢ ᠡᠬᠢᠯᠡᠭᠦᠯᠪᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠦᠷᠢᠶᠡᠯᠡᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠤᠣᠯ ᠵᠠᠮ᠂ ᠪᠣᠬᠢᠷ ᠤᠰᠤᠨ ᠤ ᠭᠤᠣᠯ ᠬᠠᠮᠢᠶᠠᠷᠤᠯᠲᠠ ᠶᠢᠨ ᠲᠣᠣᠷ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 10 ᠠᠵᠤ ᠠᠬᠤᠶᠢᠯᠠᠯ ᠳᠤ ᠣᠷᠣᠵᠤ᠂ 5 ᠠᠵᠤ ᠠᠬᠤᠶᠢᠯᠠᠯ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠵᠤ᠂ 1.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠲᠠᠪᠴᠠᠩ ᠲᠥᠪᠯᠡᠷᠡᠭᠰᠡᠨ ᠪᠠᠶᠢᠳᠠᠯ ᠳᠤ ᠣᠷᠣᠪᠠ᠃     ᠰᠣᠶᠣᠯ ᠵᠤᠭᠠᠴᠠᠯ ᠤᠨ ᠬᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠥᠭᠵᠢᠯᠲᠡ ᠶᠢᠨ ᠬᠢᠯᠠᠰ ᠴᠡᠭ ᠵᠠᠯᠭᠠᠪᠡᠷ ᠢᠯᠡᠷᠡᠵᠡᠢ᠃ 2.19 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠫᠤᠤᠳᠠᠯᠭ᠎ᠠ ᠶᠢᠨ ᠣᠷᠳᠣᠨ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ᠂ ᠭᠠᠰᠢᠶᠠᠨ ᠠᠭᠤᠢ ᠶᠢᠨ ᠪᠠᠭᠤᠷᠢ ᠶᠢᠨ ᠤᠰᠤ ᠨᠡᠪᠴᠢᠬᠦ ᠶᠢ ᠵᠠᠰᠠᠬᠤ ᠪᠠ ᠤᠰᠤ ᠵᠠᠯᠠᠬᠤ ᠲᠥᠷᠥᠯ ᠵᠦᠢᠯ ᠢ ᠬᠡᠷᠡᠭᠵᠢᠭᠦᠯᠦᠨ᠂ ᠳᠠᠭᠠᠭᠠᠴᠠ ᠶᠢ ᠲᠦᠷᠭᠡᠳᠬᠡᠨ ᠳᠡᠭᠡᠭᠰᠢᠯᠡᠭᠦᠯᠪᠡ᠃ ᠰᠣᠶᠣᠯ ᠤᠨ ᠵᠢᠭᠤᠯᠴᠢᠯᠠᠯ ᠤᠨ ᠲᠦᠳᠡᠭ ᠭᠠᠯ ᠤᠨ ᠤᠯᠠᠷᠢᠯ ᠤᠨ ᠰᠢᠷᠢᠰ ᠠᠵᠢᠯᠯᠠᠭ᠎ᠠ᠂ ᠮᠥᠰᠥ ᠴᠠᠰᠤᠨ ᠤ ︽ᠢᠰᠠᠷᠢᠨ︾ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠵᠦ᠂ ︽ᠣᠷᠴᠣᠨ ᠤ ᠬᠥᠮᠥᠨ ᠪᠣᠯᠬᠤ︾ ᠠᠷᠠᠳ ᠤᠨ ᠵᠠᠩ ᠳᠠᠳᠬᠠᠯ ᠢ ᠪᠡᠶᠡᠴᠢᠯᠡᠨ ᠣᠶᠢᠯᠠᠭᠠᠬᠤ ᠵᠡᠷᠭᠡ ᠨᠢᠭᠡ ᠪᠦᠯᠦᠭ ᠣᠨᠴᠠᠯᠢᠭᠲᠤ ᠵᠢᠭᠤᠯᠴᠢᠯᠠᠯ ᠤᠨ ᠦᠢᠯᠡᠳᠬᠦᠨ ᠢ ᠡᠭᠦᠳᠦᠨ ᠭᠠᠷᠭᠠᠵᠤ᠂ ᠪᠡᠶᠡᠴᠢᠯᠡᠨ ᠣᠶᠢᠯᠠᠭᠠᠬᠤ ᠲᠥᠷᠥᠭᠳᠡᠯ ᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ ᠴᠡᠴᠡᠭ ᠰᠣᠨᠢᠷᠬᠠᠬᠤ ᠵᠠᠮ ᠱᠤᠭᠤᠮ᠂ ᠪᠦᠰᠰᠦ᠋ᠷᠢ ᠦᠵᠡᠮᠵᠢ ᠶᠢᠨ ᠣᠷᠣᠨ᠂ ᠡᠪᠦᠯ ᠤᠨ ᠤᠯᠠᠷᠢᠯ ᠤᠨ ᠵᠢᠭᠤᠯᠴᠢᠯᠠᠯ ᠨᠢ ᠤᠯᠤᠰ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠳᠤ ᠰᠣᠩᠭᠤᠭᠳᠠᠨ ᠣᠷᠣᠵᠤ᠂ ᠮᠠᠨ ᠤ ᠬᠤᠰᠢᠭᠤ ᠲᠥᠷᠥ ᠶᠢᠨ ᠶᠠᠪᠤᠳᠠᠯ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠦᠵᠡᠮᠵᠢ ᠶᠢᠨ ᠵᠠᠮ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠵᠤ᠂ ᠨᠥᠯᠥᠭᠡᠯᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠵᠤᠭᠠᠴᠠᠭᠰᠠᠳ ᠢ 86 ᠲᠦᠮᠡᠨ ᠬᠥᠮᠥᠨ ︵ᠤᠳᠠᠭ᠎ᠠ︶ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 14.01% ᠪᠠᠷ ᠨᠡᠮᠡᠭᠳᠡᠪᠡ︔ ᠵᠢᠭᠤᠯᠴᠢᠯᠠᠯ ᠤᠨ ᠣᠷᠣᠯᠭ᠎ᠠ 4.34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.89% ᠪᠠᠷ ᠨᠡᠮᠡᠭᠳᠡᠪᠡ᠃ᠨᠢᠭᠡ ᠵᠢᠯ ᠤᠨ ᠲᠤᠷᠰᠢ᠂ ᠪᠢᠳᠡ ᠵᠣᠯᠭᠠᠯᠳᠤᠭᠤᠯᠬᠤ ᠦᠷ᠎ᠡ ᠪᠦᠲᠦᠮᠵᠢ ᠪᠠᠨ ᠪᠠᠲᠤᠳᠬᠠᠵᠤ᠂ ᠲᠥᠷᠥ ᠶᠢᠨ ᠪᠣᠳᠣᠯᠭ᠎ᠠ ᠶᠢ ᠠᠳᠬᠤᠨ ᠠᠵᠠ ᠲᠣᠬᠢᠶᠠᠯ ᠢ ᠠᠮᠵᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠠᠰᠤᠷᠠᠯᠲᠠ ᠦᠭᠡᠢ ᠬᠦᠴᠦᠯᠡᠨ ᠠᠬᠢᠭᠤᠯᠪᠠ     ᠵᠠᠯᠭᠠᠮᠵᠢ ᠵᠣᠯᠭᠠᠯᠴᠠᠭ᠎ᠠ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠪᠣᠯᠭᠠᠪᠠ᠃ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ 17 ᠵᠦᠢᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠬᠦ᠂ ᠰᠢᠯᠢᠳᠡᠭᠵᠢᠭᠦᠯᠬᠦ᠂ ᠲᠣᠬᠢᠷᠠᠭᠤᠯᠬᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠢ ᠦᠷᠭᠦᠯᠵᠢᠯᠡᠨ ᠪᠠᠬᠢᠵᠢᠭᠦᠯᠵᠦ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢᠨ ᠳᠠᠷᠠᠭᠠᠬᠢ ᠲᠡᠳᠬᠦᠨ ᠳᠡᠮᠵᠢᠬᠦ᠂ ᠠᠵᠤ ᠦᠢᠯᠡᠰ ᠢᠶᠠᠷ ᠲᠡᠳᠬᠦᠨ ᠳᠡᠮᠵᠢᠬᠦ ᠵᠡᠷᠭᠡ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠵᠦ᠂ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ 5633 ᠡᠷᠤᠭᠡ ᠶᠢᠨ 13507 ᠬᠥᠮᠥᠨ ᠳᠤ ᠪᠠᠶᠢᠩᠭᠤ ᠶᠢᠨ ᠴᠢᠨᠠᠷᠲᠠᠢ ᠤᠷᠢᠳᠴᠢᠯᠠᠨ ᠰᠡᠷᠡᠮᠵᠢᠯᠡᠭᠦᠯᠬᠦ ᠬᠢᠨᠠᠨ ᠬᠡᠮᠵᠢᠬᠦ ᠠᠵᠢᠯ ᠢ ᠥᠷᠨᠢᠭᠦᠯᠵᠦ᠂ 3892 ᠡᠷᠤᠭᠡ ᠶᠢᠨ 8756 ᠬᠥᠮᠥᠨ ᠤ ᠶᠠᠳᠠᠭᠤ ᠶᠢ ᠰᠡᠷᠭᠡᠶᠢᠯᠡᠬᠦ ᠳᠠᠭᠠᠳᠬᠠᠯ ᠳᠤ ᠣᠷᠣᠯᠴᠠᠵᠤ᠂ ᠡᠷᠲᠡ ᠠᠴᠠ ᠢᠯᠡᠷᠡᠭᠦᠯᠬᠦ᠂ ᠡᠷᠲᠡ ᠠᠴᠠ ᠭᠠᠷ ᠲᠦᠷᠦᠭᠦ᠂ ᠡᠷᠲᠡ ᠠᠴᠠ ᠬᠠᠪᠰᠤᠷᠤᠨ ᠲᠡᠳᠬᠦᠬᠦ ᠶᠢ ᠪᠡᠶᠡᠯᠡᠭᠦᠯᠪᠡ; ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠣᠷᠣᠯᠭ᠎ᠠ 21344 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.2% ᠢᠶᠠᠷ ᠨᠡᠮᠡᠭᠳᠡᠵᠦ᠂︽ᠬᠤᠶᠠᠷ ᠢ ᠳᠡᠭᠡᠭᠦᠷ ᠪᠠᠶᠢᠯᠭᠠᠬᠤ︾ ᠶᠢ ᠪᠡᠶᠡᠯᠡᠭᠦᠯᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠪᠠ᠃ ᠳ᠋ᠠ ᠶᠠᠩ ᠱᠣ ᠪᠠᠯᠭᠠᠰᠤ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠩ ᠪᠠᠯᠭᠠᠰᠤ ᠳᠤ ᠠᠮᠵᠢᠯᠲᠠ ᠲᠠᠢ ᠰᠣᠩᠭᠤᠭᠳᠠᠵᠤ᠂ ᠳ᠋ᠤᠪᠺᠦ᠋ᠷ ᠠᠩᠴᠢᠨ ᠤ ᠲᠣᠰᠬᠤᠨ᠂ ᠴᠢ ᠴᠢ ᠯᠢᠩ ᠲᠣᠰᠬᠤᠨ᠂ ᠤᠯᠠᠭᠠᠨ ᠲᠤᠭ ᠲᠣᠰᠬᠤᠨ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠳᠤ ᠠᠮᠵᠢᠯᠲᠠ ᠲᠠᠢ ᠰᠣᠩᠭᠤᠭᠳᠠᠪᠠ᠃     ᠣᠨᠴᠠᠯᠢᠭᠲᠤ ᠠᠵᠤ ᠦᠢᠯᠡᠰ ᠡᠯᠪᠡᠭ ᠳᠡᠯᠪᠡᠭ ᠦᠷ᠎ᠡ ᠪᠦᠲᠦᠭᠡᠯ ᠣᠯᠪᠠ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠲᠡᠦᠬᠡᠨ ᠠᠵᠠ ᠲᠣᠬᠢᠶᠠᠯ ᠢ ᠵᠠᠪᠳᠤᠨ ᠠᠳᠬᠤᠵᠤ᠂ ᠳᠥᠷᠪᠡᠨ ᠱᠠᠲᠤ ᠶᠢ ᠵᠣᠯᠭᠠᠭᠤᠯᠬᠤ ᠪᠡᠯᠡ ᠮᠥᠩᠭᠦ ᠶᠢ 2.42 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ 2.66 ᠳ᠋ᠦᠩᠰᠢᠭᠤᠷ ᠲᠥᠭᠦᠷᠢᠭ ᠨᠢᠭᠡᠳᠦᠯᠲᠡᠢ ᠲᠥᠯᠥᠪᠯᠡᠨ ᠨᠢᠭᠡᠳᠬᠡᠵᠦ᠂ 101 ᠲᠥᠷᠥᠯ ᠵᠦᠢᠯ ᠢ ᠬᠡᠷᠡᠭᠵᠢᠭᠦᠯᠦᠨ᠂ ᠳᠠᠶᠢᠴᠢᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠤᠨ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠣᠨᠴᠠᠯᠢᠭᠲᠤ ᠠᠵᠤ ᠦᠢᠯᠡᠰ ᠤᠨ ᠳᠠᠷᠢᠬᠤ ᠬᠡᠪᠴᠢᠶ᠎ᠡ ᠶᠢ ᠥᠷᠭᠡᠳᠬᠡᠨ᠂ ᠪᠥᠬᠦ ᠬᠤᠰᠢᠭᠤ ᠵᠢᠴᠢ ᠡᠷᠬᠢᠨ ᠲᠣᠭᠤᠷᠢᠨ ᠤ ᠬᠤᠰᠢᠭᠤ ᠬᠤᠲᠠ ᠶᠢ ᠳᠠᠶᠢᠴᠢᠯᠠᠨ 11 ᠲᠦᠮᠡᠨ ᠮᠦ ᠪᠣᠷᠣ ᠮᠠᠭᠠᠵᠢ ᠳᠠᠷᠢᠵᠤ᠂ 5 ᠲᠦᠮᠡᠨ ᠮᠦ ᠬᠢᠲᠠᠳ ᠡᠪᠡᠰᠦᠨ ᠡᠮ ᠳᠠᠷᠢᠵᠤ᠂ 1509 ᠲᠦᠮᠡᠨ ᠤᠭᠤᠲᠠ ᠢᠳᠡᠭᠡᠨ ᠤ ᠮᠥᠭᠦ ᠶᠢ ᠳᠠᠷᠢᠵᠤ᠂ ᠬᠥᠭᠵᠢᠯᠲᠡ ᠶᠢᠨ ᠢᠲᠡᠭᠡᠯ ᠵᠣᠷᠢᠭ ᠢ ᠪᠦᠲᠦᠮᠵᠢᠲᠡᠶ ᠪᠠᠷ ᠬᠥᠪᠴᠢᠯᠡᠪᠡ᠃ ᠤᠯᠠᠭᠠᠨ ᠰᠦᠯᠳᠡ ᠶᠢ ᠰᠤᠳᠤᠯᠤᠨ ᠨᠡᠭᠡᠭᠡᠬᠦ ᠪᠠ ᠨᠠᠷᠢᠯᠢᠭ ᠪᠣᠯᠪᠠᠰᠤᠷᠠᠭᠤᠯᠬᠤ ᠵᠦᠢᠯᠡᠰ ᠢ ᠦᠨᠳᠦᠰᠦᠨ ᠳᠡᠭᠡᠨ ᠳᠠᠭᠤᠰᠬᠠᠪᠠ; ᠵᠢᠩ ᠮᠧᠩ ᠯᠢᠩ ᠱᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠵᠢᠩᠬᠢᠨᠢ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠤᠨ᠎ᠠ ︔ ᠳ᠋ᠠ ᠶᠠᠩ ᠱᠣ ᠪᠠᠯᠭᠠᠰᠤ᠂ ᠦᠷᠦᠪᠲᠢᠶ᠋ᠧ ᠪᠠᠯᠭᠠᠰᠤ᠂ ᠨᠦᠥᠸ᠋ ᠮᠢᠨ ᠪᠠᠯᠭᠠᠰᠤᠨ ᠤ ᠮᠥᠭᠦ ᠶᠢᠨ ᠪᠠᠭᠯᠠᠭ᠎ᠠ ᠶᠢᠨ ᠦᠢᠯᠡᠳᠪᠦᠷᠢ᠂ ᠭᠤᠯᠭᠤᠭᠤᠷ ᠮᠥᠭᠦ ᠶᠢᠨ ᠰᠠᠭᠤᠷᠢᠨ ᠭᠠᠵᠠᠷ ᠵᠡᠷᠭᠡ ᠲᠠᠰ ᠳᠡᠪᠰᠢᠭᠦᠯᠦᠨ ᠥᠭᠡᠷᠡᠴᠢᠯᠡᠬᠦ 5 ᠲᠥᠷᠥᠯ ᠵᠦᠢᠯ ᠢ ᠬᠡᠷᠡᠭᠵᠢᠭᠦᠯᠵᠦ᠂ ᠬᠥᠭᠵᠢᠯᠲᠡ ᠶᠢᠨ ᠰᠠᠭᠤᠷᠢ ᠶᠢ ᠨᠠᠩ ᠪᠠᠲᠤ ᠪᠠᠬᠢ ᠪᠣᠯᠭᠠᠪᠠ᠃ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 3908.25 ᠲᠦᠮᠡᠨ ᠲᠥᠭᠦᠷᠢᠭ ᠲᠤ ᠬᠦᠷᠴᠦ᠂ ᠭᠠᠴᠠᠭ᠎ᠠ ᠪᠦᠷᠢ ᠳᠤ ᠳᠤᠮᠳᠠᠴᠢ ᠪᠠᠷ 47.66 ᠲᠦᠮᠡᠨ ᠲᠥᠭᠦᠷᠢᠭ ᠨᠣᠭᠳᠠᠵᠠᠢ᠃     ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠤᠯᠭᠠᠭᠤᠷᠢᠯᠠᠯ ᠬᠦᠴᠦᠲᠡᠢ ᠪᠠᠶᠢᠨ᠎ᠠ᠃ ᠤᠯᠤᠰ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠠᠳᠬᠤᠨ ᠬᠡᠷᠡᠭᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠪᠠᠷᠠᠭᠤᠨ ᠬᠤᠲᠠ ᠲᠣᠭᠤᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ 6015.35 ᠲᠦᠮᠡᠨ ᠲᠥᠭᠦᠷᠢᠭ ᠢ ᠨᠠᠶᠢᠳᠠᠪᠤᠷᠢᠵᠢᠭᠤᠯᠤᠨ᠂ 20 ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢᠨ ᠡᠵᠡᠯᠡᠬᠦ ᠬᠠᠷᠢᠴᠠᠯ 78% ᠪᠠᠶᠢᠵᠤ᠂ ᠴᠢᠰᠤ ᠪᠦᠲᠦᠭᠡᠬᠦ ᠮᠠᠶ᠋ᠢᠭ ᠢᠶᠠᠷ ᠬᠠᠪᠰᠤᠷᠤᠨ ᠲᠡᠳᠬᠦᠬᠦ ᠶᠢ ᠪᠡᠶᠡᠯᠡᠭᠦᠯᠦᠨ᠎ᠡ᠃ ᠰᠢᠴᠧᠩ ᠲᠣᠭᠤᠷᠢᠭ ᠤᠨ ᠵᠡᠭᠡᠯᠢ ᠭᠤᠳᠤᠮᠵᠢ᠂ ᠲᠣᠰᠬᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠡᠮᠨᠡᠯᠭᠡ ᠶᠢᠨ ᠬᠤᠷᠢᠶ᠎ᠠ᠂ ᠠᠵᠤ ᠠᠬᠤᠶᠢᠯᠠᠯ ᠵᠡᠷᠭᠡ 71 ᠨᠢᠭᠡᠴᠡ ᠨᠢ ᠮᠠᠨ ᠤ ᠬᠤᠰᠢᠭᠤᠨ ᠤ 53 ᠨᠢᠭᠡᠴᠡ ᠲᠠᠢ ᠬᠠᠪᠰᠤᠷᠤᠨ ᠲᠡᠳᠬᠦᠬᠦ ᠬᠤᠣᠰ ᠪᠣᠯᠵᠤ᠂ ᠦᠨᠡᠨ ᠪᠣᠳᠠᠲᠠᠢ ᠬᠠᠪᠰᠤᠷᠤᠨ ᠲᠡᠳᠬᠦᠬᠦ ᠶᠢ ᠪᠣᠶ ᠪᠣᠯᠭᠠᠪᠠ᠃ 832 ᠲᠠᠪᠴᠠᠩ᠂ ᠬᠡᠷᠡᠭᠯᠡᠭᠡ ᠪᠠᠷ ᠶᠠᠳᠠᠭᠤ ᠶᠢ ᠲᠡᠳᠬᠦᠵᠦ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ ᠲᠥᠪ᠂ ᠰᠢ ᠳ᠋ᠠᠨ ᠬᠤᠳᠠᠯᠳᠤᠭᠠᠨ ᠤ ᠲᠥᠪ ᠤᠨ ᠣᠨᠴᠠᠯᠢᠭᠲᠤ ᠦᠢᠯᠡᠳᠬᠦᠨ ᠤ ᠲᠤᠰᠬᠠᠢ ᠯᠠᠩᠭᠦᠢ ᠵᠡᠷᠭᠡ ᠠᠷᠭ᠎ᠠ ᠮᠠᠶ᠋ᠢᠭ ᠲᠤ ᠲᠦᠰᠢᠭᠯᠡᠨ᠂ 1.08 ᠳ᠋ᠦᠩᠰᠢᠭᠤᠷ ᠲᠥᠭᠦᠷᠢᠭ ᠤᠨ ᠣᠨᠴᠠᠯᠢᠭᠲᠤ ᠦᠢᠯᠡᠳᠬᠦᠨ ᠢ ᠪᠣᠷᠣᠯᠠᠭᠤᠯᠵᠤ᠂ ᠬᠡᠷᠡᠭᠯᠡᠭᠡᠨ ᠤ ᠮᠠᠶ᠋ᠢᠭ ᠤᠨ ᠬᠠᠪᠰᠤᠷᠤᠨ ᠲᠡᠳᠬᠦᠬᠦ ᠶᠢ ᠬᠥᠲᠥᠯᠥᠨ ᠳᠠᠭᠠᠭᠤᠯᠤᠨ᠎ᠠ᠃     ᠨᠢᠭᠡ ᠵᠢᠯ ᠤᠨ ᠲᠤᠷᠰᠢ᠂ ᠪᠢᠳᠡ ᠳᠣᠲᠣᠭᠠᠳᠤ ᠭᠠᠳᠠᠭᠠᠳᠤ ᠶᠢ ᠵᠡᠷᠭᠡᠪᠡᠷ ᠵᠠᠰᠠᠬᠤ ᠶᠢ ᠴᠢᠬᠤᠯᠠᠴᠢᠯᠠᠵᠤ᠂ ᠪᠦᠲᠦᠭᠡᠨ ᠪᠠᠶᠢᠭᠤᠯᠤᠯᠲᠠ ᠶᠢ ᠠᠳᠬᠤᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠢ ᠲᠠᠰᠤᠷᠠᠯᠲᠠ ᠦᠭᠡᠢ ᠰᠠᠶᠢᠵᠢᠷᠠᠭᠤᠯᠪᠠ      ᠬᠤᠲᠠ ᠪᠠᠯᠭᠠᠰᠤᠨ ᠤ ᠬᠠᠮᠢᠶᠠᠷᠤᠯᠲᠠ ᠡᠳᠦᠷ ᠢᠷᠡᠬᠦᠶ᠎ᠡ ᠨᠠᠷᠢᠯᠢᠭ ᠪᠣᠯᠵᠤ ᠪᠠᠶᠢᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠳᠤ ᠵᠠᠰᠠᠪᠤᠷᠢ ᠣᠷᠣᠭᠤᠯᠵᠤ᠂ ᠠ ᠯᠢ ᠾᠧ ᠪᠠᠯᠭᠠᠰᠤ ᠶᠢᠨ ︽ᠳᠠᠪᠠᠭᠠᠨ ᠤ ᠳᠡᠭᠡᠷᠡᠬᠢ ᠴᠡᠴᠡᠷᠯᠢᠭ︾ ᠤᠨ ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠲᠠᠯᠠᠪᠠᠶ 13.13 ᠲᠦᠮᠡᠨ ᠲᠡᠭᠰᠢ ᠳᠥᠷᠪᠡᠯᠵᠢᠨ ᠮᠧᠲᠷ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠲᠠᠯᠠᠪᠠᠶ 709.6 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 34 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ᠂ 11.1 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠ ᠯᠢ ᠾᠧ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠣᠯᠵᠤ᠂ ᠠᠷᠢᠭᠤᠨ ᠴᠡᠪᠡᠷ ᠤᠨ ᠬᠡᠮᠵᠢᠶ᠎ᠡ ᠶᠡᠭᠡ ᠪᠠᠷ ᠳᠡᠭᠡᠭᠰᠢᠯᠡᠪᠡ᠃ ᠬᠤᠲᠠ ᠪᠠᠯᠭᠠᠰᠤᠨ ᠤ ᠴᠢᠰᠤᠨ ᠰᠤᠳᠠᠯ ᠤᠨ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠵᠦ᠂ 3.16 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠢᠯᠴᠢ ᠡᠭᠦᠰᠬᠡᠭᠴᠢ ᠶᠢᠨ ᠴᠢᠭ᠋ 1  ᠶᠢ ᠰᠢᠨ᠎ᠡ ᠪᠠᠷ ᠪᠠᠶᠢᠭᠤᠯᠵᠤ᠂ 68 ᠢᠯᠴᠢ ᠰᠣᠯᠢᠯᠴᠠᠬᠤ ᠥᠷᠲᠡᠭᠡ᠂ 61 ᠺᠢᠯᠣᠮᠧᠲᠷ ᠢᠯᠴᠢ ᠬᠠᠩᠭᠠᠬᠤ ᠬᠤᠭᠤᠯᠠᠢ ᠶᠢᠨ ᠲᠣᠣᠷ᠂ 4 ᠪᠠᠴᠢᠮ ᠪᠠᠶᠢᠳᠠᠯ ᠢ ᠠᠷᠭᠠᠴᠠᠬᠤ ᠭᠥᠯᠢᠶᠡᠨ ᠠᠪᠴᠤ ᠬᠠᠮᠢᠶᠠᠷᠬᠤ ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠳ᠋ᠠ ᠶᠠᠩ ᠱᠣ ᠣᠷᠣᠨ ᠤ ᠥᠷᠭᠡᠨ ᠣᠯᠠᠨ ᠲᠦᠮᠡᠨ ᠤ ᠣᠯᠠᠨ ᠵᠢᠯ ᠤᠨ ᠲᠤᠷᠰᠢᠬᠢ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠢᠯᠴᠢ ᠬᠠᠩᠭᠠᠯᠭ᠎ᠠ ᠶᠢᠨ ᠠᠮᠤᠷ ᠲᠦᠪᠰᠢᠨ ᠢ ᠨᠠᠩ ᠪᠠᠲᠤᠯᠠᠭ᠎ᠠ ᠲᠠᠢ ᠪᠣᠯᠭᠠᠪᠠ᠃ ᠬᠤᠲᠠ ᠪᠠᠯᠭᠠᠰᠤ ᠶᠢᠨ 24 ᠵᠤᠷᠪᠤᠰ ᠵᠠᠮ ᠢ ᠰᠡᠯᠪᠢᠨ ᠵᠠᠰᠠᠵᠤ᠂ 2.29 ᠲᠦᠮᠡᠨ ᠲᠡᠭᠰᠢ ᠳᠥᠷᠪᠡᠯᠵᠢᠨ ᠮᠧᠲᠷ ᠤᠨ ᠡᠪᠳᠡᠷᠡᠵᠦ ᠰᠦᠢᠳᠦᠭᠰᠡᠨ ᠵᠠᠮ ᠢ ᠰᠡᠯᠪᠢᠨ ᠵᠠᠰᠠᠵᠤ᠂ 7 ᠲᠣᠯᠣᠭᠠᠢ ᠲᠠᠰᠤᠷᠠᠭᠰᠠᠨ ᠵᠠᠮ᠂ T ᠬᠡᠯᠪᠡᠷᠢᠲᠦ ᠵᠠᠮ ᠢ ᠰᠢᠢᠳᠪᠦᠷᠢᠯᠡᠵᠦ᠂ ᠠᠯᠢ ᠭᠤᠣᠯ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠵᠠᠮ ᠤᠨ ᠴᠡᠪᠡᠷ ᠲᠡᠭᠰᠢ ᠪᠠᠶᠢᠬᠤ ᠨᠣᠷᠮ᠎ᠠ ᠶᠢ 80%  ᠠᠴᠠ ᠳᠡᠭᠡᠭᠰᠢ ᠪᠠᠶᠢᠯᠭᠠᠵᠤ᠂ ᠠᠯᠢ ᠭᠤᠣᠯ ᠪᠠᠯᠭᠠᠰᠤ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠲᠣᠭᠤᠷᠢᠭ ᠦᠭᠡᠢ ᠵᠢᠵᠢᠭ ᠲᠣᠭᠤᠷᠢᠭ ᠢ ᠴᠡᠪᠡᠷᠯᠡᠵᠦ᠂ ᠣᠷᠣᠨ ᠰᠠᠭᠤᠴᠠ ᠶᠢᠨ ᠨᠥᠬᠦᠴᠡᠯ ᠢ ᠨᠠᠩ ᠲᠠᠭᠠᠯᠠᠮᠵᠢᠲᠠᠢ ᠪᠣᠯᠭᠠᠨ᠎ᠠ᠃ 
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ