ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ 2023 ᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵  ᠭᠤᠷᠪᠠ︶
ᠨᠡᠶᠢᠲᠡᠯᠡᠭᠰᠡᠨ ᠴᠠᠭ᠄
2023/12/4
      ᠬᠥᠳᠡᠭᠡ ᠲᠣᠰᠬᠤᠨ ᠤ ᠳᠦᠷᠰᠦ ᠪᠠᠶᠢᠳᠠᠯ ᠡᠳᠦᠷ ᠢᠷᠡᠬᠦᠶ᠎ᠡ ᠰᠠᠶᠢᠵᠢᠷᠠᠪᠠ᠃ ᠲᠣᠰᠬᠤᠨ ᠤ ᠬᠤᠶᠠᠷ ᠵᠥᠪᠯᠡᠯ ᠤᠨ ᠬᠤᠭᠤᠴᠠᠭᠠᠨ ᠤ ᠲᠥᠪ ᠤᠨ ᠬᠠᠮᠲᠤᠷᠠᠨ ᠰᠢᠭᠦᠬᠦ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ 21 ᠺᠠᠳ᠋ᠷ ᠢ ᠨᠥᠬᠦᠨ ᠰᠣᠩᠭᠤᠵᠤ᠂ ᠦᠨᠳᠦᠰᠦᠨ ᠱᠠᠲᠤᠨ ᠤ ᠪᠠᠬᠢᠯᠡᠯᠲᠡ ᠶᠢ ᠨᠡᠩ ᠪᠠᠬᠢᠵᠢᠭᠦᠯᠪᠡ᠃ ᠬᠥᠳᠡᠭᠡ ᠲᠣᠰᠬᠤᠨ ᠤ ᠵᠠᠰᠠᠮᠠᠯ ᠵᠠᠮ ᠢ 2290.8 ᠺᠢᠯᠣᠮᠧᠲᠷ ᠬᠠᠮᠢᠶᠠᠷᠤᠨ ᠬᠠᠮᠠᠭᠠᠯᠠᠵᠤ᠂ ᠬᠥᠳᠡᠭᠡ ᠲᠣᠰᠬᠤᠨ ᠤ ᠤᠰᠤᠨ ᠳᠤ ᠡᠪᠳᠡᠭᠳᠡᠭᠰᠡᠨ ᠵᠠᠮ ᠢ 65.5 ᠺᠢᠯᠣᠮᠧᠲᠷ ᠰᠡᠯᠪᠢᠨ ᠵᠠᠰᠠᠵᠤ᠂ ᠠᠮᠢᠳᠤᠷᠠᠯ ᠤᠨ ᠬᠤᠭ ᠨᠣᠪᠰᠢ ᠶᠢ 2.3 ᠲᠦᠮᠡᠨ ᠲᠣᠨ᠂ ᠭᠤᠤ ᠰᠤᠪᠠᠭ ᠢ 800 ᠺᠢᠯᠣᠮᠧᠲᠷ ᠴᠡᠪᠡᠷᠯᠡᠵᠦ᠂ 412 ᠡᠷᠦᠭᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠪᠣᠬᠢᠷ ᠤᠰᠤ ᠶᠢ ᠰᠢᠢᠳᠪᠦᠷᠢᠯᠡᠬᠦ 3 ᠦᠷᠳᠡᠭᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠪᠡ᠃ ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ ᠪᠠ ᠭᠤᠷᠪᠠᠨ ᠶᠠᠪᠤᠳᠠᠯ ᠢ ᠢᠯᠡ ᠪᠣᠯᠭᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠡᠮᠬᠢ ᠵᠢᠷᠤᠮ ᠲᠠᠢ ᠪᠠᠷ ᠲᠣᠭᠲᠠᠭᠠᠵᠤ᠂ ᠲᠣᠣᠷᠵᠢᠭᠤᠯᠤᠭᠰᠠᠨ ᠬᠠᠮᠢᠶᠠᠷᠤᠯᠲᠠ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠭᠤᠷᠪᠠ ᠶᠢ ᠵᠠᠰᠠᠬᠤ︾ ᠪᠠᠶᠢᠭᠤᠯᠤᠯᠲᠠ ᠶᠢ ᠥᠨᠳᠥᠷ ᠪᠦᠲᠦᠮᠵᠢᠲᠡᠶ ᠪᠠᠷ ᠠᠭᠤᠰᠤᠯᠴᠠᠭᠤᠯᠤᠨ᠎ᠠ᠃     ᠠᠮᠢ ᠠᠬᠤᠢ ᠶᠢᠨ ᠣᠷᠴᠢᠨ ᠲᠣᠭᠤᠷᠢᠨ ᠡᠳᠦᠷ ᠢᠷᠡᠬᠦᠶ᠎ᠡ ᠭᠤᠶᠢᠳᠠ ᠰᠠᠶᠢᠬᠠᠨ ᠠᠭᠠᠷ ᠤᠨ ᠰᠢᠯᠢᠳᠡᠭ ᠡᠳᠦᠷ ᠤᠨ ᠲᠤᠭ᠎ᠠ 100% ᠳᠤ ᠬᠦᠷᠴᠦ᠂ ᠤᠯᠤᠰ ᠤᠨ ᠠᠯᠪᠠᠲᠠᠨ ᠤ ᠰᠢᠯᠭᠠᠯᠲᠠ ᠶᠢᠨ ᠣᠭᠲᠣᠯᠣᠭᠠᠰᠤ ᠶᠢᠨ ᠰᠢᠯᠢᠳᠡᠭ ᠤᠰᠤᠨ ᠴᠣᠭᠴᠠ ᠶᠢᠨ ᠬᠠᠷᠢᠴᠠᠯ 83.3% ᠳᠤ ᠬᠦᠷᠴᠦ᠂ ᠬᠠᠷ᠎ᠠ ᠦᠮᠡᠬᠡᠢ ᠤᠰᠤᠨ ᠴᠣᠭᠴᠠ ᠶᠢᠨ ᠲᠡᠮᠳᠡᠭᠯᠡᠯ ᠦᠭᠡᠢ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠡᠷᠦᠩᠬᠡᠢ ᠠᠮᠤᠷ ᠲᠦᠪᠰᠢᠨ ᠢ ᠦᠷᠭᠦᠯᠵᠢᠯᠡᠨ ᠪᠠᠲᠤᠯᠠᠵᠤ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠭᠰᠡᠨ 643 ᠬᠡᠷᠡᠭ᠂ 78 ᠵᠢᠷᠤᠭ ᠢ ᠪᠠᠶᠢᠴᠠᠭᠠᠨ ᠰᠢᠢᠳᠪᠦᠷᠢᠯᠡᠵᠦ᠂ 1.03 ᠲᠦᠮᠡᠨ ᠮᠦ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠂ ᠣᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ᠶᠢ ᠨᠡᠶᠢᠲᠡᠯᠡᠨ ᠬᠡᠷᠡᠭᠵᠢᠭᠦᠯᠵᠦ᠂ 38 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ ᠠᠮᠢ ᠠᠬᠤᠢ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠪᠡ᠃ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠵᠦ᠂ ᠭᠡᠷ ᠪᠠᠶᠢᠰᠢᠩ ᠤᠨ ᠪᠠᠷᠢᠯᠭ᠎ᠠ ᠶᠢᠨ ᠪᠣᠬᠢᠷᠲᠤᠯ ᠦᠭᠡᠢ ᠪᠠᠷᠢᠮᠵᠢᠶ᠎ᠠ ᠶᠢᠨ ᠨᠣᠷᠮ᠎ᠠ 92.62% ᠬᠦᠷᠴᠦ᠂ ᠪᠥᠬᠦ ᠬᠤᠲᠠ ᠶᠢᠨ 12 ᠵᠠᠭᠤᠨ ᠤ ᠨᠢᠭᠡᠴᠢ ᠠᠴᠠ ᠳᠠᠪᠠᠵᠤ᠂ ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ ᠤᠯᠤᠰ ᠤᠨ ᠲᠠᠰ ᠤᠨ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠤᠯᠭ᠎ᠠ ᠶᠢ ᠢᠷᠠᠭᠤ ᠠᠯᠳᠠᠷᠲᠠᠢ ᠪᠠᠷ ᠭᠥᠷᠳᠡᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠶᠢᠯᠠᠭᠠᠭᠳᠠᠬᠤᠨ ᠢ ᠬᠡᠷᠡᠭᠵᠢᠭᠦᠯᠦᠨ ᠦᠷ᠎ᠡ ᠪᠦᠲᠦᠮᠵᠢ ᠣᠯᠪᠠ᠃     ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠠᠯᠢ ᠭᠤᠣᠯ ᠠᠴᠠ ᠬᠥᠪᠴᠢ ᠶᠢᠨ ᠬᠠᠪᠤᠷ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠠᠪᠲᠠᠷᠡᠭᠦᠯᠵᠦ᠂ ᠭᠠᠨ ᠾᠧ ᠲᠠᠷᠢᠶᠠᠯᠠᠩ ᠤᠨ ᠲᠠᠯᠠᠪᠠᠢ ᠠᠴᠠ ᠳ᠋ᠠ ᠶᠠᠩ ᠱᠣ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠳ᠋ᠠ ᠶᠠᠩ ᠱᠣ ᠠᠴᠠ ᠶᠤᠸᠠᠢ ᠶᠢᠨ ᠤᠢ ᠰᠢᠭᠤᠢ ᠶᠢᠨ ᠲᠠᠯᠠᠪᠠᠢ ᠬᠦᠷᠬᠦ ᠭᠤᠷᠪᠠᠳᠤᠭᠠᠷ ᠳᠡᠰ ᠤᠨ ᠵᠠᠰᠠᠮᠠᠯ ᠵᠠᠮ ᠵᠡᠷᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 7 ᠰᠠᠭᠤᠷᠢ ᠨᠤᠷᠠᠬᠤ ᠠᠶᠤᠯᠲᠠᠢ ᠬᠥᠭᠦᠷᠭᠡ ᠶᠢᠨ 1184 ᠤᠷᠳᠤ ᠮᠧᠲᠷ ᠢ ᠥᠭᠡᠷᠡᠴᠢᠯᠡᠨ ᠵᠠᠰᠠᠵᠤ᠂ ᠭᠠᠳᠠᠭᠰᠢ ᠭᠠᠷᠬᠤ ᠳᠤ ᠨᠡᠩ ᠳᠥᠭᠦᠮ ᠳᠥᠲᠡ ᠪᠣᠯᠪᠠ᠃ 4G ᠶᠢᠨ ᠰᠠᠭᠤᠷᠢ ᠥᠷᠲᠡᠭᠡ ᠶᠢ 38᠂ 5G ᠶᠢᠨ ᠰᠠᠭᠤᠷᠢ ᠥᠷᠲᠡᠭᠡ ᠶᠢ 62 ᠰᠢᠨ᠎ᠡ ᠪᠠᠷ ᠪᠠᠶᠢᠭᠤᠯᠵᠤ᠂ ᠰᠦᠯᠵᠢᠶ᠎ᠡ ᠶᠢ ᠨᠠᠩ ᠰᠠᠭᠠᠳ ᠦᠭᠡᠢ ᠨᠡᠪᠲᠡᠷᠡᠭᠦᠯᠦᠨ᠎ᠡ᠃ 6.85 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠴᠠᠬᠢᠯᠭᠠᠨ ᠤ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠂ ᠲᠣᠮᠣ ᠤᠯᠢᠶᠠᠰᠤᠨ ᠮᠣᠳᠣᠨ ᠤ 220 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠵᠡᠷᠭᠡ 7 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ 220 ᠺᠢᠯᠤᠸᠤᠯᠲ ᠤᠨ ᠴᠠᠬᠢᠯᠭᠠᠨ ᠤ ᠲᠣᠣᠷ ᠢ ᠰᠢᠶᠠᠨ ᠤ ᠬᠡᠪᠴᠢᠶᠡᠨ ᠳᠤ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠴᠠᠬᠢᠯᠭᠠᠨ ᠬᠠᠩᠭᠠᠯᠭ᠎ᠠ ᠶᠢ ᠨᠠᠩ ᠨᠠᠶᠢᠳᠠᠪᠤᠷᠢᠲᠠᠢ ᠪᠣᠯᠭᠠᠨ᠎ᠠ᠃     ᠨᠢᠭᠡ ᠵᠢᠯ ᠤᠨ ᠲᠤᠷᠰᠢ᠂ ᠪᠢᠳᠡ ᠲᠠᠰᠤᠷᠠᠯᠲᠠ ᠦᠭᠡᠢ ᠰᠢᠨ᠎ᠡ ᠶᠢ ᠡᠭᠦᠳᠦᠨ ᠰᠢᠯᠢᠳᠡᠭ ᠢ ᠡᠭᠦᠳᠴᠦ᠂ ᠬᠠᠮᠲᠤ ᠪᠠᠷ ᠬᠥᠭᠵᠢᠨ ᠴᠡᠴᠡᠭᠯᠡᠵᠦ᠂ ᠳᠣᠲᠣᠭᠠᠳᠤ ᠶᠢᠨ ᠬᠥᠳᠡᠯᠭᠡᠬᠦ ᠬᠦᠴᠦᠨ ᠨᠠᠩ ᠬᠦᠴᠦᠲᠡᠢ ᠪᠣᠯᠪᠠ     ᠥᠭᠡᠷᠡᠴᠢᠯᠡᠯᠲᠡ ᠶᠢ ᠤᠷᠢᠳᠠᠪᠠᠷ ᠬᠢᠬᠦ ᠶᠢ ᠪᠠᠷᠢᠮᠲᠠᠯᠠᠨ᠎ᠠ᠃ ᠠᠵᠤ ᠠᠬᠤᠢ᠂ ᠨᠡᠶᠢᠭᠡᠮ᠂ ᠠᠷᠠᠳ ᠤᠨ ᠠᠮᠢᠳᠤᠷᠠᠯ᠂ ᠠᠮᠢ ᠠᠬᠤᠢ ᠶᠢᠨ ᠥᠭᠡᠷᠡᠴᠢᠯᠡᠯᠲᠡ ᠶᠢᠨ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 143 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠳᠦᠷᠢᠮ ᠤᠨ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠭᠡᠯ ᠢ 75 ᠪᠤᠢ ᠪᠣᠯᠭᠠᠵᠤ᠂ ᠦᠷ᠎ᠡ ᠪᠦᠲᠦᠮᠵᠢ ᠶᠢᠨ ᠴᠢᠨᠠᠷᠲᠠᠢ ᠦᠷ᠎ᠡ ᠪᠦᠲᠦᠭᠡᠯ ᠢ 215 ᠪᠤᠢ ᠪᠣᠯᠭᠠᠪᠠ᠃ ᠵᠥᠷᠢᠴᠡᠯ ᠢ ᠵᠠᠰᠠᠬᠤ ᠥᠭᠡᠷᠡᠴᠢᠯᠡᠯᠲᠡ ᠶᠢᠨ ᠰᠢᠨ᠎ᠡ  ᠶᠢ ᠡᠭᠦᠳᠴᠦ᠂ ᠬᠤᠰᠢᠭᠤᠨ ᠱᠠᠲᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠢᠯᠤᠭᠤᠳᠬᠤ ᠲᠥᠪ᠂ ᠰᠢᠶᠠᠩ ᠪᠠᠯᠭᠠᠰᠤᠨ ᠤ ᠡᠶᠡᠳᠡᠭᠦᠯᠬᠦ ᠲᠥᠪ᠂ ᠲᠣᠰᠬᠤᠨ ᠤ ᠠᠵᠢᠯ ᠤᠨ ᠥᠷᠲᠡᠭᠡ ᠪᠠ ᠰᠠᠭᠤᠷᠢ ᠲᠣᠣᠷᠵᠢᠯ ᠤᠨ ᠠᠵᠢᠯ ᠤᠨ ᠳᠤᠭᠤᠶᠢᠯᠠᠩ ᠢ ᠪᠠᠶᠢᠭᠤᠯᠵᠤ᠂ ᠰᠢᠨ᠎ᠡ ᠪᠠᠶᠢᠳᠠᠯ ᠤᠨ ᠳᠣᠣᠷᠠᠬᠢ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ 1859 ᠬᠤᠪᠢ ᠡᠶᠡᠳᠡᠭᠦᠯᠵᠦ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 5500 ᠭᠠᠷᠤᠢ ᠲᠦᠮᠡᠨ ᠲᠥᠭᠦᠷᠢᠭ ᠲᠤ ᠬᠦᠷᠴᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ ᠪᠠ ᠭᠦᠢᠴᠡᠳᠬᠡᠭᠰᠡᠨ ᠨᠣᠷᠮ᠎ᠠ ᠨᠢ ᠬᠤᠣᠰ ᠵᠠᠭᠤᠨ ᠤ ᠠᠮᠵᠢᠯᠲᠠ ᠣᠯᠵᠤ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ 2022 ᠣᠨ ᠤ ᠳᠤᠮᠳᠠᠳᠤ ᠶᠢᠨ ᠪᠥᠬᠦ ᠤᠯᠤᠰ ᠤᠨ ᠠᠷᠠᠳ ᠤᠨ ᠡᠶᠡᠳᠡᠭᠦᠯᠦᠭᠴᠢ ᠶᠢᠨ ᠨᠡᠶᠢᠭᠡᠮᠯᠢᠭ ᠤᠨ ᠠᠷᠠᠳ ᠤᠨ ᠡᠶᠡᠳᠡᠭᠦᠯᠭᠡ ᠶᠢ ᠤᠬᠠᠭᠤᠯᠬᠤ ᠠᠵᠢᠯ ᠢ ᠵᠣᠬᠢᠶᠠᠨ ᠪᠠᠶᠢᠭᠤᠯᠤᠭᠰᠠᠨ ᠲᠡᠷᠢᠭᠦᠨ ᠤ ᠬᠠᠮᠲᠤ ᠨᠡᠶᠢᠲᠡ ᠶᠢ ᠢᠷᠠᠭᠤ ᠠᠯᠳᠠᠷᠲᠠᠢ ᠪᠠᠷ ᠭᠥᠷᠳᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠶᠡᠭᠡ ᠰᠢᠯᠭᠠᠯᠲᠠ ᠶᠢ ᠲᠡᠭᠦᠰᠬᠡᠵᠦ᠂ ᠬᠤᠳᠠ ᠶᠢᠨ ᠪᠡᠯᠡ ᠣᠷᠣᠭᠤᠯᠤᠯᠲᠠ᠂ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢ ᠪᠠᠶᠢᠭᠤᠯᠵᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠭᠠᠵᠠᠷ ᠤᠨ ᠳᠦᠷᠢᠮ ᠢ ᠥᠭᠡᠷᠡᠴᠢᠯᠡᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠬᠦᠯᠢᠶᠡᠰᠦᠯᠡᠯ ᠢ ᠬᠦᠴᠦᠲᠡᠢ ᠲᠠᠶᠢᠯᠪᠠ᠃ ᠲᠥᠪ ᠤᠨ ᠠᠵᠤ ᠠᠬᠤᠶᠢᠯᠠᠯ ᠤᠨ ᠭᠡᠷ ᠪᠦᠯᠢ ᠶᠢᠨ ᠣᠷᠣᠨ ᠲᠣᠭᠤᠷᠢᠭ ᠤᠨ ︽ᠭᠤᠷᠪᠠ ᠶᠢ ᠬᠠᠩᠭᠠᠬᠤ ᠨᠢᠭᠡ ᠠᠵᠢᠯ ᠲᠥᠷᠥᠯ︾ ᠢ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠣᠷᠣᠨ ᠤ ᠬᠠᠷᠢᠶ᠎ᠠ ᠠᠵᠤ ᠠᠬᠤᠶᠢᠯᠠᠯ ᠤᠨ ᠭᠡᠷ ᠪᠦᠯᠢ ᠶᠢᠨ ᠣᠷᠣᠨ ᠲᠣᠭᠤᠷᠢᠭ ᠤᠨ ︽ᠭᠤᠷᠪᠠ ᠶᠢ ᠬᠠᠩᠭᠠᠬᠤ ᠨᠢᠭᠡ ᠠᠵᠢᠯ ᠲᠥᠷᠥᠯ︾ ᠢ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠦᠨᠡᠨ ᠪᠣᠳᠠᠲᠠᠢ ᠪᠠᠷ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠳᠤ ᠲᠦᠭᠡᠮᠡᠯ ᠬᠠᠷᠠᠭᠠᠯᠵᠠᠯ ᠦᠵᠡᠭᠦᠯᠵᠦ ᠬᠠᠮᠲᠤ ᠪᠠᠷ ᠠᠰᠢᠭ ᠬᠦᠷᠲᠡᠭᠡᠪᠡ᠃     ᠨᠡᠭᠡᠭᠡᠯᠲᠡ ᠬᠢᠵᠦ ᠬᠠᠮᠲᠤᠪᠠᠷ ᠠᠰᠢᠭ ᠬᠦᠷᠲᠡᠬᠦ ᠶᠢ ᠪᠠᠷᠢᠮᠲᠠᠯᠠᠨ᠎ᠠ᠃ ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠯᠦᠭᠡ ᠬᠠᠮᠲᠤᠷᠠᠯᠴᠠᠭᠠᠨ ᠤ ᠰᠠᠨᠠᠭᠤᠯᠤᠮᠵᠢ ᠶᠢ ᠲᠤᠭᠤᠷᠪᠢᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠦᠷᠢᠨᠰᠢᠭᠦᠯᠦᠨ ᠂ ᠰᠢᠭᠤᠶᠢᠲᠤ ᠣᠷᠣᠨ ᠤ ᠣᠨᠴᠠᠯᠢᠭᠲᠤ ᠠᠵᠤ ᠠᠬᠤᠢ᠂ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠬᠠᠮᠲᠤᠷᠠᠯᠴᠠᠭᠠᠨ ᠤ ᠡᠷᠴᠢᠮ ᠢ ᠠᠯᠬᠤᠮ ᠠᠯᠬᠤᠮ ᠢᠶᠠᠷ ᠴᠢᠩᠭᠠᠷᠠᠭᠤᠯᠤᠨ᠎ᠠ︔ ᠰᠠᠭᠤᠭ᠎ᠠ ᠠᠵᠤ ᠠᠬᠤᠶᠢᠯᠠᠯ ᠤᠨ ᠨᠡᠪᠲᠡᠷᠡᠯᠴᠡᠭᠡ ᠬᠠᠷᠢᠯᠴᠠᠭ᠎ᠠ ᠶᠢ ᠴᠢᠩᠭᠠᠳᠬᠠᠵᠤ᠂ ᠰᠢᠶᠠᠩ ᠪᠠᠯᠭᠠᠰᠤ ᠬᠢᠭᠡᠳ ᠣᠶ ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠲᠠᠷᠢᠶᠠᠯᠠᠩ ᠠᠵᠤ ᠦᠢᠯᠡᠳᠪᠦᠷᠢ ᠬᠤᠳᠠᠯᠳᠤᠭ᠎ᠠ᠂ ᠠᠲᠠᠷ ᠬᠠᠭᠠᠯᠪᠤᠷᠢᠯᠠᠯᠲᠠ ᠶᠢ ᠬᠠᠮᠲᠤᠪᠠᠷ ᠵᠥᠪᠳᠡᠯᠴᠡᠬᠦ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠦᠨ᠂ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠣᠨᠴᠠᠯᠢᠭᠲᠤ ᠠᠵᠤ ᠦᠢᠯᠡᠰ ᠢ ᠪᠣᠶᠢᠵᠢᠭᠤᠯᠬᠤ᠂ ᠰᠣᠶᠣᠯ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠵᠠᠷ ᠣᠷᠣᠨ ᠪᠠ ᠠᠵᠤ ᠠᠬᠤᠶᠢᠯᠠᠯ ᠬᠤᠶᠠᠷ ᠲᠠᠯ᠎ᠠ ᠳᠤ ᠬᠠᠷᠢᠯᠴᠠᠨ ᠠᠰᠢᠭ ᠬᠦᠷᠲᠡᠭᠡᠨ᠎ᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠬᠥᠭᠵᠢᠯᠲᠡ ᠶᠢᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠬᠤᠶᠠᠷ ᠮᠤᠵᠢ ᠵᠢᠷᠭᠤᠭᠠᠨ ᠭᠠᠵᠠᠷ ᠤᠨ ᠬᠢᠩᠭᠠᠨ ᠵᠢᠭᠤᠯᠴᠢᠯᠠᠯ ᠤᠨ ᠬᠤᠯᠪᠣᠭ᠎ᠠ ᠶᠢᠨ ᠬᠠᠮᠲᠤᠷᠠᠯᠴᠠᠭ᠎ᠠ ᠶᠢᠨ ᠰᠠᠭᠤᠷᠢ ᠶᠢ ᠠᠰᠢᠭᠯᠠᠨ᠂ ᠶᠡᠭᠡ ᠬᠢᠩᠭᠠᠨ ᠳᠠᠪᠠᠭ᠎ᠠ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠠᠶᠠᠨᠴᠢᠳ ᠤᠨ ᠢᠷᠡᠯᠲᠡ ᠶᠢ ᠬᠠᠷᠢᠯᠴᠠᠨ ᠬᠦᠷᠭᠡᠬᠦ ᠪᠠ ᠦᠵᠡᠮᠵᠢ ᠶᠢᠨ ᠣᠷᠣᠨ ᠤ ᠪᠢᠯᠧᠲ ᠬᠤᠯᠪᠣᠬᠤ ᠲᠣᠭᠲᠠᠴᠠ ᠶᠢ ᠪᠠᠶᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠤᠯᠪᠤᠭᠠᠯᠠᠨ ᠬᠥᠭᠵᠢᠬᠦ ᠶᠢ ᠪᠡᠶᠡᠯᠡᠭᠦᠯᠦᠨ᠂ ᠬᠠᠮᠲᠤᠪᠠᠷ ᠠᠰᠢᠭ ᠭᠥᠷᠳᠡᠬᠦ ᠪᠠᠶᠢᠳᠠᠯ ᠢ ᠪᠣᠶ ᠪᠣᠯᠭᠠᠨ᠎ᠠ᠃ 
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ