ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ 2023 ᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠳᠦᠷᠪᠡ︶
ᠨᠡᠶᠢᠲᠡᠯᠡᠭᠰᠡᠨ ᠴᠠᠭ᠄
2023/12/4
    ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠵᠢᠯᠤᠭᠤᠳᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠠᠵᠢᠯᠯᠠᠬᠤ ᠦᠷᠲᠡᠭᠡ ᠫᠠᠶᠢᠰᠠ ᠡᠯᠭᠦᠨ᠂ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠪᠠᠶᠢᠭᠤᠯᠤᠭᠳᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠬᠠᠮᠤᠭ ᠰᠡᠭᠦᠯᠴᠢ ᠶᠢᠨ ᠨᠢᠭᠡ ᠺᠢᠯᠣᠮᠧᠲᠷ ᠢ ᠨᠠᠪᠲᠠᠷᠡᠭᠦᠯᠵᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠤᠷᠤᠭᠰᠢᠲᠠᠢ ᠶᠠᠪᠤᠭᠳᠠᠵᠤ ᠪᠠᠶᠢᠨ᠎ᠠ᠃ ᠤᠯᠤᠰ  ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ᠂ ᠲᠣᠰ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠰᠣᠩᠭᠤᠨ ᠲᠣᠮᠢᠯᠠᠬᠤ ᠳᠤ ᠲᠦᠰᠢᠭᠯᠡᠨ᠂ ᠨᠢᠭᠡ ᠪᠦᠯᠦᠭ ︽ᠨᠤᠲᠤᠭ ᠤᠨ ᠮᠡᠷᠭᠡᠵᠢᠯᠲᠡᠨ︾ ︽ᠲᠢᠶᠠᠨ ᠰᠢᠸ ᠼᠠᠢ︾᠂ ᠮᠧᠩ ᠺᠧ ᠳ᠋ᠧᠦ 8 ᠳ᠋ᠤᠭᠠᠷ ᠨᠣᠮᠧᠷ᠂ ᠰᠢᠨᠵᠢᠯᠡᠬᠦ ᠤᠬᠠᠭᠠᠨ ᠳᠤ ᠭᠠᠷᠬᠤ 13 ᠳ᠋ᠤᠭᠠᠷ ᠨᠣᠮᠧᠷ᠂ ᠬᠤᠷᠰᠢᠭᠰᠠᠨ ᠲᠠᠷᠢᠶᠠᠯᠠᠩ ᠤᠨ 151 ᠵᠡᠷᠭᠡ ᠦᠷ᠎ᠡ ᠶᠢᠨ ᠲᠥᠷᠥᠯ ᠵᠦᠢᠯ ᠤᠨ ᠬᠠᠭᠤᠴᠢᠨ ᠢ ᠤᠷᠬᠢᠵᠤ ᠰᠢᠨ᠎ᠡ ᠶᠢ ᠡᠭᠦᠳᠬᠦ ᠶᠢ ᠬᠥᠮᠥᠵᠢᠭᠦᠯᠦᠨ ᠳᠠᠶᠢᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠦᠷ᠎ᠡ ᠪᠦᠲᠦᠮᠵᠢ ᠶᠢ ᠢᠯᠡᠳᠲᠡ ᠪᠣᠯᠭᠠᠨ᠎ᠠ᠃ ᠰᠢᠨ᠎ᠡ ᠪᠠᠷ ᠡᠷᠬᠡ ᠣᠯᠭᠤᠭᠰᠠᠨ ᠲᠤᠰᠬᠠᠢ ᠠᠰᠢᠭ 56 ᠪᠠᠶᠢᠵᠤ᠂ ᠮᠠᠨ ᠤ ᠬᠤᠰᠢᠭᠤ ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠬᠤᠰᠢᠭᠤ ᠶᠢ ᠢᠷᠠᠭᠤ ᠠᠯᠳᠠᠷᠲᠠᠢ ᠪᠠᠷ ᠭᠥᠷᠳᠡᠵᠦ᠂ ᠰᠢᠨ ᠹᠧᠩ ᠲᠠᠷᠢᠶᠠᠯᠠᠩ ᠤᠨ ᠮᠠᠰᠢᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠥᠬᠦ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠵᠤ᠂ 5 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠮᠥᠷᠭᠡ ᠳᠤ ᠣᠷᠣᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃     ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ  ᠢ ᠳᠡᠭᠡᠳᠦᠯᠡᠬᠦ᠂ ᠪᠣᠳᠠᠲᠠᠢ ᠶᠠᠪᠤᠳᠠᠯ ᠪᠦᠲᠦᠭᠡᠵᠦ ᠬᠦᠴᠢᠷ ᠠᠰᠠᠭᠤᠳᠠᠯ  ᠢ ᠰᠢᠢᠳᠪᠦᠷᠢᠯᠡᠬᠦ᠂ ᠨᠡᠶᠢᠭᠡᠮ ᠠᠷᠠᠳ ᠤᠨ ᠠᠮᠢᠳᠤᠷᠠᠯ  ᠢ ᠨᠡᠶᠢᠳᠡᠮ ᠬᠠᠷᠠᠭᠠᠯᠵᠠᠵᠤ ᠬᠠᠮᠲᠤ ᠪᠠᠷ ᠡᠳ᠋ᠯᠡᠬᠦ  ᠶᠢ ᠪᠠᠲᠤ ᠴᠡᠭᠡᠵᠢᠯᠡᠵᠦ ᠪᠠᠶᠢᠨ᠎ᠠ     ᠠᠷᠠᠳ ᠤᠨ ᠠᠮᠢᠳᠤᠷᠠᠯ ᠤᠨ ᠶᠠᠰᠤ ᠴᠢᠨᠠᠷ ᠲᠠᠰᠤᠷᠠᠯᠲᠠ ᠦᠭᠡᠢ ᠳᠡᠭᠡᠭᠰᠢᠯᠡᠪᠡ᠃ ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠲᠡᠶᠢᠰᠢ ᠦᠷᠭᠦᠯᠵᠢᠯᠡᠨ ᠬᠡᠯᠪᠡᠶᠢᠯᠭᠡᠵᠦ᠂ 767% ᠳᠤ ᠬᠦᠷᠪᠡ᠃ ᠡᠯ᠎ᠡ ᠲᠥᠷᠥᠯ ᠤᠨ ᠠᠪᠤᠷᠠᠨ ᠲᠤᠰᠠᠯᠠᠬᠤ ᠮᠥᠩᠭᠦ ᠶᠢ 9927.2 ᠲᠦᠮᠡᠨ ᠲᠥᠭᠦᠷᠢᠭ ᠲᠠᠷᠬᠠᠭᠠᠵᠤ᠂ ᠬᠥᠯᠥᠰᠦᠨ ᠠᠵᠢᠯᠴᠢᠨ ᠤ ᠴᠠᠯᠢᠩ ᠥᠷᠢᠲᠦᠭᠰᠡᠨ ᠬᠡᠷᠡᠭ ᠢ 308 ᠰᠢᠢᠳᠪᠦᠷᠢᠯᠡᠵᠦ᠂ 632.4 ᠲᠦᠮᠡᠨ ᠲᠥᠭᠦᠷᠢᠭ ᠢ ᠰᠢᠢᠳᠪᠦᠷᠢᠯᠡᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.3% ᠪᠠᠷ ᠬᠢᠵᠠᠭᠠᠷᠯᠠᠵᠤ᠂ ᠨᠡᠶᠢᠭᠡᠮ ᠤᠨ ᠪᠠᠲᠤᠯᠠᠭ᠎ᠠ ᠶᠢ ᠪᠠᠲᠤ ᠴᠢᠩᠭ᠎ᠠ ᠪᠥᠭᠡᠳ ᠬᠦᠴᠦᠲᠡᠢ ᠪᠣᠯᠭᠠᠪᠠ ᠃ 1653 ᠲᠦᠮᠡᠨ ᠲᠥᠭᠦᠷᠢᠭ ᠤᠨ ᠪᠡᠯᠡ ᠣᠷᠣᠭᠤᠯᠵᠤ᠂ 2 ᠰᠠᠭᠤᠷᠢ ᠵᠢᠭᠠᠨ ᠰᠤᠷᠭᠠᠯᠲᠠ ᠶᠢᠨ ᠠᠰᠠᠷ ᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠵᠤ᠂ ᠳ᠋ᠠ ᠶᠠᠩ ᠱᠣ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠯᠲᠠ ᠶᠢᠨ ᠴᠡᠭ ᠢ ᠪᠠᠶᠢᠭᠤᠯᠵᠤ᠂ ᠳ᠋ᠠ ᠶᠠᠩ ᠱᠣ ᠣᠷᠣᠨ ᠤ ᠰᠢᠯᠭᠠᠭᠤᠯᠤᠭᠰᠠᠳ ᠤᠨ 34 ᠵᠢᠯ ᠤᠨ ᠣᠨᠳᠣᠣ ᠭᠠᠵᠠᠷ ᠲᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠲᠡᠦᠬᠡ ᠶᠢ ᠡᠴᠦᠰᠯᠡᠭᠦᠯᠪᠡ︔ ᠰᠤᠷᠭᠠᠨ ᠬᠥᠮᠦᠵᠢᠯ ᠤᠨ ᠬᠦᠷᠢᠶᠡᠨ ᠳᠠᠬᠢ ︽ᠭᠤᠷᠪᠠᠨ ᠨᠣᠷᠮ᠎ᠠ︾ ᠶᠢ 100%  ᠠᠴᠠ ᠳᠡᠭᠡᠭᠰᠢ ᠬᠡᠮᠵᠢᠶᠡᠨ ᠳᠤ ᠬᠦᠷᠭᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠲᠠᠪᠤᠨ ᠵᠢᠯ ᠤᠨ ᠲᠤᠷᠰᠢᠬᠢ ᠬᠠᠮᠤᠭ ᠤᠨ ᠰᠠᠶᠢᠨ ᠬᠢᠷᠢ ᠪᠦᠲᠦᠮᠵᠢ ᠶᠢ ᠣᠯᠵᠤ᠂ ᠰᠤᠷᠭᠠᠨ ᠬᠥᠮᠦᠵᠢᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠪᠤᠷᠢ ᠶᠢ ᠥᠷᠭᠡᠳᠬᠡᠬᠦ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠵᠢᠢ ᠸᠧᠨ ᠪᠠᠯᠭᠠᠰᠤ᠂ ᠦᠷᠦᠪᠲᠢᠶ᠋ᠧ ᠪᠠᠯᠭᠠᠰᠤ᠂ ᠬᠥ᠋ ᠯᠢ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠥᠷᠭᠡᠳᠬᠡᠨ ᠪᠠᠶᠢᠭᠤᠯᠵᠤ ᠰᠡᠯᠪᠢᠨ ᠵᠠᠰᠠᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠪᠠ︔ ᠡᠮᠡᠭᠲᠡᠶᠢᠴᠦᠳ ᠤᠨ ᠬᠤᠶᠠᠷ ᠥᠮᠡᠨ ᠤ ᠰᠢᠭᠰᠢᠨ ᠪᠠᠶᠢᠴᠠᠭᠠᠯᠲᠠ ᠶᠢ 4000 ᠪᠡᠶᠡᠯᠡᠭᠦᠯᠵᠦ᠂ ᠭᠡᠷ ᠪᠦᠯᠢ ᠶᠢᠨ ᠡᠮᠴᠢ ᠶᠢᠨ ᠦᠢᠯᠡᠴᠢᠯᠡᠭᠡ ᠳᠤ 5.6 ᠲᠦᠮᠡᠨ ᠬᠥᠮᠥᠨ ᠳᠤ ᠭᠡᠷ᠎ᠡ ᠲᠣᠭᠲᠠᠵᠤ᠂ ᠭᠤᠣᠯᠳᠠᠯᠭ᠎ᠠ ᠲᠠᠢ ᠬᠥᠮᠥᠰ ᠤᠨ ᠭᠡᠷ᠎ᠡ ᠲᠣᠭᠲᠠᠭᠰᠠᠨ ᠪᠦᠷᠬᠦᠴᠡ ᠶᠢᠨ ᠨᠣᠷᠮ᠎ᠠ 80.6% ᠳᠤ ᠬᠥᠷᠪᠡ︔ ᠡᠭᠦᠯᠡᠨ ᠬᠡᠷᠡᠯ ᠵᠢᠷᠤᠭ ᠤᠨ ᠦᠢᠯᠡᠴᠢᠯᠡᠭᠡ ᠶᠢ ᠨᠠᠪᠲᠠᠷᠡᠭᠦᠯᠵᠦ᠂ ᠪᠥᠬᠦ ᠤᠯᠤᠰ ᠤᠨ 30 ᠭᠠᠷᠤᠢ ᠡᠮᠨᠡᠯᠭᠡ ᠶᠢᠨ ᠬᠤᠷᠢᠶ᠎ᠠ ᠲᠠᠢ ᠠᠯᠤᠰ  ᠠᠴᠠ ᠬᠠᠮᠲᠤᠷᠠᠨ ᠣᠨᠣᠰᠢᠯᠠᠵᠤ᠂ ᠡᠮᠴᠢᠯᠡᠭᠡᠨ ᠤ ᠦᠢᠯᠡᠴᠢᠯᠡᠭᠡ ᠶᠢᠨ ︽ᠮᠡᠷᠭᠡᠵᠢᠯ︾ ︽ᠤᠬᠠᠭᠠᠨ︾ ᠵᠡᠷᠭᠡ ᠪᠠᠷ ᠳᠡᠭᠡᠭᠰᠢᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠵᠤ᠂ ᠬᠢᠵᠢᠭ ᠤᠨ ᠪᠠᠶᠢᠳᠠᠯ ᠤᠨ ᠣᠷᠣᠭᠤᠯᠤᠯᠲᠠ ᠶᠢ ᠲᠡᠭᠦᠰ ᠠᠮᠵᠢᠯᠲᠠ ᠲᠠᠢ ᠰᠢᠢᠳᠪᠦᠷᠢᠯᠡᠵᠦ᠂ ᠬᠤᠲᠠ ᠶᠢᠨ ᠭᠠᠳᠠᠨᠠᠬᠢ ᠳᠡᠭᠡᠳᠦ ᠰᠤᠷᠭᠠᠭᠤᠯᠢ ᠶᠢᠨ ᠰᠣᠷᠣᠭᠴᠢ ᠶᠢ ᠰᠢᠯᠵᠢᠭᠦᠯᠦᠨ ᠵᠥᠭᠡᠭᠡᠪᠦᠷᠢᠯᠡᠬᠦ ᠠᠵᠢᠯ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ᠂ ︽ᠰᠢᠨ᠎ᠡ ᠠᠷᠪᠠᠨ ᠵᠤᠷᠪᠤᠰ︾ ᠤᠨ ᠳᠠᠷᠠᠭ᠎ᠠ ᠡᠷᠡᠭᠦᠯ ᠮᠡᠨᠳᠦ ᠶᠢ ᠪᠠᠲᠤᠯᠠᠨ᠂ ᠬᠦᠨᠳᠦ ᠡᠪᠡᠳᠴᠢᠨ ᠢ ᠰᠡᠷᠭᠡᠶᠢᠯᠡᠬᠦ ᠪᠠᠷ ᠬᠦᠴᠦᠯᠡᠨ ᠴᠢᠷᠮᠠᠶᠢᠵᠤ᠂ ︽ᠬᠥᠬᠡᠭᠴᠢᠨ ᠲᠥᠷᠥᠯ ᠤᠨ ᠬᠥᠬᠡᠭᠴᠢᠨ ᠲᠥᠷᠥᠯ ᠤᠨ ᠬᠠᠮᠢᠶᠠᠷᠤᠯᠲᠠ︾ ᠶᠢᠨ ᠳᠠᠷᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠰᠡᠭ ᠬᠤᠭᠤᠴᠠᠭ᠎ᠠ ᠶᠢ ᠲᠣᠭᠲᠠᠭᠤᠨ ᠢᠶᠠᠷ ᠬᠤᠪᠢᠷᠠᠭᠤᠯᠬᠤ ᠶᠢ ᠪᠡᠶᠡᠯᠡᠭᠦᠯᠪᠡ᠃ ᠪᠡᠷᠬᠡ ᠬᠠᠲᠠᠭᠤᠵᠢᠯᠲᠠᠢ ᠵᠠᠬ᠎ᠠ ᠬᠢᠵᠠᠭᠠᠷ ᠣᠷᠣᠨ ᠤ ᠲᠥᠷᠥᠯ ᠢᠯᠭᠠᠯ ᠢ ᠭᠤᠷᠪᠠᠨ ᠲᠥᠷᠥᠯ ᠠᠴᠠ ᠳᠥᠷᠪᠡᠨ ᠲᠥᠷᠥᠯ ᠪᠣᠯᠭᠠᠨ ᠲᠣᠬᠢᠷᠠᠭᠤᠯᠵᠤ᠂ ᠠᠵᠢᠯᠲᠠᠨ ᠠᠵᠢᠯᠴᠢᠨ ᠤ ᠴᠠᠯᠢᠩ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠡ᠃     ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠢᠯᠡᠭᠦᠬᠡᠨ ᠬᠥᠭᠵᠢᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ 58 ᠲᠠᠯᠠᠪᠤᠷ ᠲᠣᠭᠯᠠᠯᠲᠠ ᠭᠠᠷᠭᠠᠵᠤ᠂ 51 ᠲᠠᠯᠠᠪᠤᠷ ᠰᠢ ᠵᠦᠴᠦᠭᠡ ᠶᠢ ᠬᠥᠳᠡᠭᠡ ᠬᠦᠷᠭᠡᠵᠦ᠂ 55 ᠭᠤᠣᠯ ᠬᠥᠭ ᠠᠶᠠᠰ ᠢ ᠪᠠᠳᠠᠷᠠᠭᠤᠯᠤᠭᠰᠠᠨ ᠳᠠᠭᠤᠤ᠂ ᠭᠤᠣᠯ ᠰᠡᠳᠦᠪᠲᠦ ᠳᠠᠭᠤᠤ ᠶᠢ ᠵᠣᠬᠢᠶᠠᠨ ᠪᠦᠲᠦᠭᠡᠵᠦ᠂ ︽ᠬᠢᠩᠭᠠᠨ ᠳᠠᠪᠠᠭᠠᠨ ᠳᠤ︾ ︽ᠠᠪᠠ ᠶᠢᠨ ᠰᠠᠬᠢᠭᠤᠯᠰᠤᠨ︾ ᠥᠪᠡᠷᠲᠡᠭᠡᠨ ᠵᠠᠰᠠᠬᠤ ᠣᠷᠣᠨ ᠤ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠢ ᠢᠷᠠᠭᠤ ᠠᠯᠳᠠᠷᠲᠠᠢ ᠪᠠᠷ ᠭᠥᠷᠳᠡᠪᠡ︔ ︽ᠬᠢᠩᠭᠠᠨ ᠳᠠᠪᠠᠭ᠎ᠠ︾ ᠨᠢ ᠠᠯᠲᠠᠨ ᠲᠠᠬᠢᠶ᠎ᠠ ᠱᠠᠩᠨᠠᠯ ᠤᠨ ᠬᠠᠮᠤᠭ ᠤᠨ ᠰᠢᠯᠢᠳᠡᠭ ᠳᠤᠮᠳᠠ ᠵᠢᠵᠢᠭ ᠥᠪᠡᠷ ᠤᠨ ᠥᠷᠲᠡᠭ ᠤᠨ ᠦᠯᠢᠭᠡᠷᠲᠦ ᠺᠢᠨᠣ᠋ ᠪᠠᠷ ᠨᠡᠷ᠎ᠡ ᠳᠤᠷᠠᠳᠤᠭᠳᠠᠵᠤ᠂ ᠦᠨᠳᠦᠰᠦᠲᠡᠨ ᠤ ᠥᠯᠢᠭᠡᠷ ᠨᠢ ᠪᠥᠬᠦ ᠤᠯᠤᠰ ᠲᠤ ᠳᠡᠯᠭᠡᠷᠡᠪᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠳᠣᠨ ᠢ ᠰᠢᠨ᠎ᠡ ᠪᠠᠷ ᠪᠠᠶᠢᠭᠤᠯᠵᠤ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠢᠳᠡᠪᠬᠢᠲᠡᠢ ᠵᠣᠬᠢᠶᠠᠨ ᠪᠠᠶᠢᠭᠤᠯᠬᠤ ᠶᠢᠨ ᠬᠠᠮᠲᠤ ᠲᠡᠭᠦᠨ ᠳᠤ ᠣᠷᠣᠯᠴᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠤᠷᠤᠯᠳᠤᠭᠠᠨ ᠤ ᠱᠠᠩᠨᠠᠯ ᠤᠨ ᠮᠧᠳᠠᠯ ᠢ 20 ᠣᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠡᠪ ᠰᠤᠷᠲᠠᠯ ᠢ ᠵᠢᠷᠤᠭᠯᠠᠪᠠ᠃     ᠦᠨᠳᠦᠰᠦᠲᠡᠨ ᠤ ᠪᠦᠯᠬᠦᠮᠳᠡᠯ ᠦᠷᠭᠦᠯᠵᠢᠯᠡᠨ ᠪᠠᠬᠢᠵᠢᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠳᠦᠷᠢᠮ︾ ᠪᠣᠯᠣᠨ ᠬᠡᠷᠡᠭᠵᠢᠭᠦᠯᠬᠦ ᠨᠠᠷᠢᠨ ᠳᠦᠷᠢᠮ ᠢ ᠬᠦᠴᠦᠨ ᠦᠭᠡᠢ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ᠃ ︽ᠬᠤᠣᠰ ᠵᠠᠭᠤᠨ ᠤ ᠵᠢᠱᠢᠶ᠎ᠡ ᠦᠵᠡᠭᠦᠯᠬᠦ ᠢᠨᠵᠧᠨᠧᠷᠢᠩ︾ ᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠠᠷᠪᠠ ᠶᠢ ᠠᠬᠢᠭᠤᠯᠬᠤ︾ ᠶᠢ ᠢᠳᠡᠪᠬᠢᠲᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠎ᠠ᠃ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠥᠨ 1᠂ ᠵᠢᠱᠢᠶᠡᠴᠢ ᠬᠠᠮᠲᠤ ᠨᠡᠶᠢᠲᠡ 1᠂ ᠵᠢᠱᠢᠶ᠎ᠡ ᠦᠵᠡᠭᠦᠯᠬᠦ ᠨᠢᠭᠡᠴᠡ 2 ᠶᠢ ᠢᠷᠠᠭᠤ ᠠᠯᠳᠠᠷᠲᠠᠢ ᠪᠠᠷ ᠭᠥᠷᠳᠡᠪᠡ᠃     ᠠᠮᠤᠷ ᠲᠦᠪᠰᠢᠨ ᠤ ᠪᠠᠶᠢᠭᠤᠯᠤᠯᠲᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠬᠢᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ᠂ ᠢᠳᠡᠭᠡᠨ ᠤ ᠵᠦᠢᠯ ᠡᠮ ᠤᠨ ᠠᠮᠤᠷ ᠲᠦᠪᠰᠢᠨ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠠᠵᠢᠯ ᠢ ᠲᠣᠭᠲᠠᠭᠤᠨ ᠢᠶᠠᠷ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ 90 ᠬᠤᠪᠢ ᠠᠷᠢᠯᠭᠠᠵᠤ᠂ ︽ᠳᠠᠷᠤᠭᠳᠠᠮᠠᠯ ᠬᠡᠷᠡᠭ ᠢ ᠠᠷᠢᠯᠭᠠᠬᠤ᠂ ᠬᠦᠨᠳᠦ ᠰᠣᠷᠪᠤᠯᠵᠢᠯᠠᠭ᠎ᠠ ᠶᠢ ᠵᠠᠰᠠᠬᠤ︾ ᠲᠤᠰᠬᠠᠢ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ᠃ 
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ