ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ 2023 ᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠲᠠᠪᠤ︶
ᠨᠡᠶᠢᠲᠡᠯᠡᠭᠰᠡᠨ ᠴᠠᠭ᠄
2023/12/4
     ᠨᠢᠭᠡ ᠵᠢᠯ ᠤᠨ ᠲᠤᠷᠰᠢ᠂ ᠪᠢᠳᠡ ᠪᠣᠳᠠᠲᠠᠢ  ᠶᠢ ᠡᠷᠬᠢᠮᠯᠡᠨ ᠲᠡᠷᠢᠭᠦᠨ ᠤ ᠬᠢ  ᠶᠢ ᠯᠡ ᠡᠷᠬᠢᠮᠯᠡᠵᠦ᠂ ᠳᠤᠲᠠᠭᠤᠳᠠᠯ  ᠢ ᠴᠢᠩᠭᠠᠳᠬᠠᠨ ᠵᠥᠷᠢᠶ᠎ᠡ  ᠶᠢ ᠨᠥᠬᠦᠪᠦᠷᠢᠯᠡᠵᠦ᠂ ᠵᠠᠰᠠᠭ ᠤᠨ ᠣᠷᠳᠣᠨ ᠤ ᠪᠠᠶᠢᠭᠤᠯᠤᠯᠲᠠ  ᠶᠢ ᠪᠥᠬᠦ ᠲᠠᠯ᠎ᠠ ᠪᠠᠷ ᠴᠢᠩᠭᠠᠳᠬᠠᠪᠠ     ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠢ ᠶᠠᠷᠢᠭᠰᠠᠨ ᠨᠢ︾ ᠵᠡᠷᠭᠡ ᠴᠢᠬᠤᠯᠠ ᠣᠨᠣᠯ ᠤᠨ ᠵᠣᠬᠢᠶᠠᠯ ᠢ ᠭᠦᠨᠵᠡᠭᠡᠢ ᠰᠤᠷᠤᠯᠴᠠᠨ ᠭᠦᠨᠵᠡᠭᠡᠢ ᠣᠶᠢᠯᠠᠭᠠᠵᠤ᠂ ︽ᠶᠡᠭᠡ ᠪᠠᠷ ᠰᠤᠷᠤᠯᠴᠠᠬᠤ᠂ ᠶᠡᠭᠡ ᠪᠠᠷ ᠤᠬᠠᠭᠤᠯᠬᠤ᠂ ᠶᠡᠭᠡ ᠪᠠᠷ ᠤᠬᠠᠭᠤᠯᠤᠨ ᠲᠠᠶᠢᠯᠪᠤᠷᠢᠯᠠᠬᠤ᠂ ᠶᠡᠭᠡ ᠪᠠᠷ ᠪᠣᠯᠪᠠᠰᠤᠷᠠᠭᠤᠯᠬᠤ᠂ ᠶᠡᠭᠡ ᠪᠠᠷ ᠪᠠᠶᠢᠴᠠᠭᠠᠨ ᠰᠤᠳᠤᠯᠬᠤ᠂ ᠶᠡᠭᠡ ᠪᠠᠷ ᠨᠠᠶᠢᠳᠠᠪᠤᠷᠢᠵᠢᠭᠤᠯᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮᠴᠢ ᠴᠢᠨᠠᠷ ᠤᠨ ᠪᠣᠯᠪᠠᠰᠤᠷᠠᠭᠤᠯᠤᠯ ᠢ ᠴᠢᠩᠭᠠᠳᠬᠠᠬᠤ ᠳᠤᠮᠳᠠ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠦᠨ᠎ᠡ᠃     ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠵᠠᠰᠠᠭ ᠤᠨ ᠣᠷᠳᠣᠨ ᠵᠢᠴᠢ ᠲᠡᠭᠦᠨ ᠤ ᠪᠦᠷᠢᠯᠳᠦᠭᠦᠨ ᠰᠠᠯᠠᠭ᠎ᠠ ᠮᠥᠴᠢᠷ ᠤᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠢᠳᠡᠪᠬᠢᠲᠡᠢ ᠪᠠᠷ ᠲᠤᠰᠢᠶᠠᠯ ᠤᠨ ᠮᠡᠳᠡᠭᠦᠯᠦᠯᠲᠡ ᠬᠢᠵᠦ᠂ ᠣᠷᠣᠨ ᠨᠤᠲᠤᠭ ᠤᠨ ᠴᠢᠨᠠᠷᠲᠠᠢ 3 ᠬᠠᠤᠯᠢ ᠲᠣᠭᠲᠠᠭᠠᠯ ᠢ ᠬᠦᠴᠦᠨ ᠦᠭᠡᠢ ᠪᠣᠯᠭᠠᠬᠤ ᠪᠠᠷ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠭᠤᠷᠢ ᠲᠥᠬᠦᠭᠡᠷᠦᠮᠵᠢ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠥᠷᠭᠡᠨ ᠢᠶᠠᠷ ᠰᠢᠩᠭᠡᠬᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 147 ᠬᠤᠪᠢ ᠰᠢᠢᠳᠪᠦᠷᠢᠯᠡᠨ ᠳᠠᠭᠤᠰᠬᠠᠵᠤ ᠂ ᠰᠢᠢᠳᠪᠦᠷᠢᠯᠡᠵᠦ ᠬᠠᠷᠢᠭᠤᠯᠤᠭᠰᠠᠨ ᠨᠣᠷᠮ᠎ᠠ᠂ ᠬᠠᠨᠤᠮᠵᠢᠲᠠᠶ ᠨᠣᠷᠮ᠎ᠠ ᠨᠢ ᠴᠥᠮ 100% ᠳᠤ ᠬᠥᠷᠪᠡ᠃     ᠨᠠᠮ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠤᠯᠤᠰ ᠲᠦᠷᠦ ᠶᠢᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠣᠷᠴᠢᠨ ᠠᠬᠤᠢ ᠶᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ᠂ ᠳᠦᠷᠢ ᠲᠥᠷᠬᠦ ᠶᠢ ᠪᠤᠢ ᠪᠣᠯᠭᠠᠬᠤ︾ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠥᠷᠭᠡᠨ ᠤᠯᠠᠨ ᠺᠠᠳ᠋ᠷᠴᠤᠳ ᠤᠨ ᠰᠤᠷᠲᠠᠯ ᠢ ᠦᠷᠭᠦᠯᠵᠢᠯᠡᠨ ᠬᠤᠪᠢᠷᠠᠭᠤᠯᠪᠠ᠃     ᠡᠷᠴᠢᠮᠯᠢᠭ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ︽ᠲᠠᠪᠤᠨ ᠦᠨᠳᠦᠰᠦᠨ ᠵᠦᠢᠯ  ᠢ ᠶᠡᠭᠡ ᠪᠠᠷ ᠡᠬᠢᠯᠡᠭᠦᠯᠬᠦ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ 2076 ᠲᠦᠮᠡᠨ ᠲᠥᠭᠦᠷᠢᠭ ᠤᠨ ᠳᠠᠷᠤᠭᠳᠠᠮᠠᠯ ᠪᠡᠯᠡ ᠮᠥᠩᠭᠦ ᠶᠢ ᠪᠤᠴᠠᠭᠠᠨ ᠲᠤᠰᠢᠶᠠᠪᠠ︔ ᠵᠥᠪᠰᠢᠶᠡᠷᠡᠭᠦᠯᠬᠦ ᠪᠠᠷ ᠪᠠᠶᠢᠭ᠎ᠠ 16 ᠲᠥᠷᠥᠯ ᠵᠦᠢᠯ   ᠢ ᠰᠢᠢᠳᠪᠦᠷᠢᠯᠡᠵᠦ᠂ 36 ᠭᠦᠢᠴᠡᠳᠬᠡᠬᠦ ᠪᠠᠷ ᠪᠠᠶᠢᠭ᠎ᠠ ᠭᠠᠷᠳᠠᠮ  ᠢ ᠪᠦᠬᠦᠨ  ᠢ ᠪᠡᠶᠡᠯᠡᠭᠦᠯᠪᠡ︔ ᠬᠠᠭᠠᠰ ᠳᠤᠲᠠᠭᠤ ᠢᠨᠵᠧᠨᠧᠷᠢᠩ ᠢ ᠲᠥᠷᠥᠯ ᠬᠤᠪᠢᠶᠠᠨ ᠰᠢᠢᠳᠪᠦᠷᠢᠯᠡᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ︔ ᠰᠢᠢᠳᠪᠦᠷᠢᠯᠡᠬᠦ ᠶᠢ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ 8.3 ᠾᠧᠺᠲ᠋ᠠᠷ ᠭᠠᠵᠠᠷ ᠰᠢᠷᠣᠢ᠂ ᠰᠤᠯᠠ ᠪᠠᠶᠢᠬᠤ 2.3 ᠾᠧᠺᠲ᠋ᠠᠷ ᠭᠠᠵᠠᠷ ᠰᠢᠷᠣᠢ ᠶᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠠᠷᠪᠢᠯᠠᠨ ᠭᠠᠷᠭᠠᠬᠤ ᠭᠦᠢᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠮᠤᠵᠢ ᠠᠯᠤᠰᠯᠠᠨ ᠠᠷᠠᠯᠵᠢᠶᠠᠯᠠᠬᠤ ᠭᠦᠢᠴᠡᠳᠬᠡᠯ ᠲᠤᠭ᠎ᠠ ᠶᠢ 311 ᠮᠦ ᠪᠡᠶᠡᠯᠡᠭᠦᠯᠦᠭᠰᠡᠨ ᠪᠥᠭᠡᠳ ᠥᠪᠥᠷ ᠮᠣᠩᠭᠤᠯ ᠤᠨ ᠡᠳᠦᠷ ᠤᠨ ᠰᠣᠨᠢᠨ ᠳᠤ ᠲᠤᠰᠬᠠᠢ ᠰᠡᠳᠦᠪ ᠢᠶᠠᠷ ᠮᠡᠳᠡᠭᠡᠯᠡᠭᠳᠡᠪᠡ᠃     ᠡᠭᠦᠨ ᠤ ᠬᠠᠮᠲᠤ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠠᠵᠢᠯ ᠢᠶᠠᠨ ᠬᠢᠨᠠᠨ ᠪᠤᠳᠤᠬᠤ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠪᠣᠭᠤᠮᠲᠠ ᠶᠢᠨ ᠠᠵᠢᠯ ᠤᠨ ᠵᠥᠪᠯᠡᠯ᠂ ᠳᠠᠭᠠᠳᠬᠠᠯ᠂ ᠴᠠᠭ ᠠᠭᠤᠷ᠂ ᠰᠢᠤᠳᠠᠨ ᠤ ᠶᠠᠪᠤᠳᠠᠯ᠂ ᠴᠢᠮᠡᠭᠡ ᠬᠤᠯᠪᠣᠭ᠎ᠠ᠂ ᠴᠢᠯᠠᠭᠤᠨ ᠲᠣᠰᠣ᠂ ᠨᠠᠪᠴᠢᠨ ᠲᠠᠮᠠᠬᠢ ᠵᠡᠷᠭᠡ ᠠᠵᠢᠯ ᠰᠢᠨ᠎ᠡ ᠠᠮᠵᠢᠯᠲᠠ ᠣᠯᠪᠠ᠃ 
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ