ᠲᠥᠯᠥᠭᠡᠯᠡᠭᠴᠢᠳ ᠠ᠋᠂ ᠬᠦᠴᠢᠷ ᠪᠡᠷᠬᠡᠰᠢᠶᠡᠯ ᠢᠶᠠᠷ ᠳᠦᠭᠦᠷᠦᠭᠰᠡᠨ ᠨᠢᠭᠡ ᠵᠢᠯ ᠢ ᠡᠷᠭᠢᠴᠡᠭᠦᠯᠬᠦᠶ᠎ᠡ᠂ ᠣᠷᠴᠣᠨ ᠤ 23 ᠲᠦᠮᠡᠨ ᠠᠷᠠᠳ ᠲᠦᠮᠡᠨ ᠬᠢᠵᠢᠭ ᠤᠨ | ᠪᠠᠶᠢᠳᠠᠯ ᠢ ᠪᠦᠬᠦ ᠬᠦᠴᠦᠨ ᠢᠶᠠᠷ ᠢᠶᠠᠨ ᠬᠢᠵᠦ᠂ ᠠᠵᠤ ᠠᠬᠤᠢ ᠶᠢ ᠲᠣᠭᠲᠠᠪᠤᠷᠢᠵᠢᠭᠤᠯᠵᠤ᠂ ᠠᠮᠤᠷ ᠲᠦᠪᠰᠢᠨ ᠢ ᠪᠠᠲᠤᠯᠠᠬᠤ ᠳᠤ ᠤᠳᠠᠭ᠎ᠠ ᠪᠦᠷᠢ ᠶᠢᠨ | ᠳᠠᠶᠢᠯᠠᠯᠳᠤᠭᠠᠨ ᠳᠤ ᠴᠥᠮ ᠬᠢᠯᠪᠠᠷ ᠪᠤᠰᠤ᠂ ᠬᠥᠮᠥᠨ ᠨᠢᠭᠡᠪᠦᠷᠢ ᠴᠥᠮ ᠠᠮᠠᠷ ᠦᠭᠡᠢ ᠶᠤᠮ᠃ ᠡᠨᠡ ᠨᠢᠭᠡ ᠵᠢᠯ ᠳᠤ ᠬᠥᠮᠥᠰ ᠤᠨ ᠰᠡᠳᠬᠢᠯ ᠢ ᠬᠠᠮᠤᠭ ᠠᠴᠠ | ᠢᠯᠡᠭᠦᠦ ᠳᠣᠭᠳᠣᠯᠤᠭᠤᠯᠤᠭᠰᠠᠨ ᠶᠠᠪᠤᠳᠠᠯ ᠭᠡᠪᠡᠯ᠂ ᠠᠶᠢᠬᠤᠪᠲᠤᠷ ᠬᠡᠴᠡᠭᠦᠦ ᠬᠢᠵᠢᠭ ᠤᠨ ᠪᠠᠶᠢᠳᠠᠯ ᠤᠨ ᠡᠮᠦᠨ᠎ᠡ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ | ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠷᠢᠯᠴᠠᠨ ᠲᠤᠰᠠᠯᠠᠯᠴᠠᠵᠤ᠂ ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠨᠡᠶᠢᠭᠡᠮ | ᠲᠣᠭᠤᠷᠢᠭ ︵ᠲᠣᠰᠬᠤᠨ︶ ᠤᠨ ᠠᠵᠢᠯᠲᠠᠨ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠥᠷᠭᠡᠦ ᠠᠶᠠᠨ ᠳᠠᠶᠢᠨ ᠳᠤ ᠮᠣᠷᠳᠠᠵᠤ᠂ ᠥᠷᠭᠡᠨ ᠣᠯᠠᠨ ᠲᠦᠮᠡᠨ | ᠢᠳᠡᠪᠬᠢᠲᠡᠢ ᠪᠠᠷ ᠬᠠᠮᠵᠢᠯᠴᠠᠨ᠂ ᠭᠤᠶᠠᠴᠢ ᠦᠭᠡᠢ ᠪᠠᠷ ᠬᠤᠪᠢ ᠨᠡᠮᠡᠷᠢ ᠦᠵᠡᠭᠦᠯᠵᠦ᠂ ᠬᠢᠵᠢᠭ ᠤᠨ ᠪᠠᠶᠢᠳᠠᠯ ᠢ ᠡᠰᠡᠷᠭᠦᠴᠡᠬᠦ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠤᠭᠰᠠᠨ ᠪᠠᠶᠢᠨ᠎ᠠ᠃ ᠬᠠᠮᠤᠭ ᠤᠨ ᠪᠠᠶᠠᠷᠯᠠᠭᠤᠰᠢᠲᠠᠢ ᠶᠠᠪᠤᠳᠠᠯ ᠭᠡᠪᠡᠯ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠡᠮᠦᠨ᠎ᠡ᠂ ᠥᠷᠭᠡᠨ ᠣᠯᠠᠨ ᠺᠠᠳ᠋ᠷ | ᠣᠯᠠᠨ ᠲᠦᠮᠡᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠥᠷᠢᠴᠡᠯ ᠢ ᠠᠷᠢᠯᠭᠠᠬᠤ ᠶᠢ ᠲᠦᠯᠬᠢᠨ ᠠᠬᠢᠭᠤᠯᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠬᠦᠴᠦᠲᠡᠢ ᠠᠳᠬᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠨᠥᠬᠦᠴᠡᠯ ᠢ ᠪᠣᠶ ᠪᠣᠯᠭᠠᠵᠤ | ᠥᠭᠭᠦᠭᠰᠡᠨ ᠪᠠᠶᠢᠨ᠎ᠠ᠃ ᠬᠠᠮᠤᠭ ᠤᠨ ᠮᠠᠷᠲᠠᠭᠳᠠᠰᠢ ᠦᠭᠡᠢ ᠵᠦᠢᠯ ᠭᠡᠪᠡᠯ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ ᠤᠨ ᠡᠮᠦᠨ᠎ᠡ᠂ | ᠪᠡᠭᠡᠵᠢᠩ ᠤᠨ ᠰᠢᠴᠧᠩ ᠲᠣᠭᠤᠷᠢᠭ ᠲᠤ ᠮᠠᠨ ᠤ ᠬᠤᠰᠢᠭᠤ ᠲᠠᠢ ᠭᠠᠷ ᠬᠤᠯᠪᠣᠨ ᠰᠠᠯᠬᠢ ᠪᠣᠷᠣᠭᠠᠨ ᠢ ᠬᠠᠮᠲᠤ ᠪᠠᠷ ᠡᠭᠦᠷᠭᠡᠯᠡᠵᠦ᠂ ᠣᠷᠣᠨ ᠨᠤᠲᠤᠭ ᠪᠠ ᠠᠵᠤ | ᠠᠬᠤᠶᠢᠯᠠᠯ ᠤᠨ ᠬᠤᠭᠤᠷᠣᠨᠳᠤ ᠪᠠᠨ ᠰᠡᠳᠬᠢᠯ ᠢᠶᠠᠨ ᠨᠢᠭᠡᠳᠬᠡᠨ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ | ᠬᠠᠮᠤᠭ ᠤᠨ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠭᠦ | ᠬᠤᠰᠢᠭᠤᠨ ᠤ ᠠᠷᠠᠳ ᠲᠦᠮᠡᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠳᠣᠶᠢᠷᠤ ᠶᠢᠨ ᠵᠣᠶᠢᠪᠯᠠᠯᠭᠠ ᠤ | ᠭᠡᠰᠢᠭᠦᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠦᠢᠮᠣᠰ ᠪᠠ ᠠᠷᠠᠳ ᠤᠨ ᠪᠦᠯᠬᠦᠮ᠂ ᠬᠤᠰᠢᠭᠤᠨ ᠳᠤ ᠰᠠᠭᠤᠭ᠎ᠠ ᠵᠡᠪᠰᠡᠭᠲᠦ | ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ᠂ ᠭᠠᠯ ᠤᠨᠲᠠᠷᠠᠭᠠᠬᠤ ᠠᠵᠢᠯ ᠤᠨ ᠵᠢᠯᠣᠭᠤᠳᠤᠭᠴᠢ ᠪᠠᠶᠢᠯᠳᠤᠭᠴᠢᠳ ᠲᠤ᠂ ᠣᠷᠴᠣᠨ ᠤ ᠬᠦᠢᠭᠵᠢᠯᠲᠠ ᠶᠢ ᠬᠠᠯᠠᠮᠵᠢᠯᠠᠨ | ᠳᠡᠮᠵᠢᠭᠰᠡᠨ ᠪᠤᠢ ᠪᠤᠶᠢᠭᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠢᠠᠲᠣᠣᠠᠭᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠠ᠋᠂ ᠠᠵᠢᠯ ᠢᠶᠠᠨ ᠳ᠋ᠦᠩᠨᠡᠬᠦ ᠶᠢᠨ ᠵᠡᠷᠭᠡᠴᠡᠭᠡᠪᠡᠷ ᠪᠢᠳᠡ ᠪᠠᠰᠠ ᠬᠦᠷᠦᠯᠴᠡᠬᠦ ᠦᠭᠡᠢ ᠲᠠᠯ᠎ᠠ ᠪᠠ ᠵᠥᠷᠢᠶ᠎ᠡ ᠶᠢ ᠰᠡᠷᠭᠡᠭ ᠢᠶᠠᠷ ᠲᠠᠨᠢᠵᠤ ᠣᠯᠪᠠ᠄ | ᠠᠵᠤ ᠠᠬᠤᠢ ᠶᠢ ᠲᠣᠭᠲᠠᠪᠤᠷᠢᠵᠢᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠰᠠᠭᠤᠷᠢ ᠬᠠᠷᠠᠬᠠᠨ ᠪᠠᠲᠤ ᠪᠠᠬᠢ ᠪᠢᠰᠢ᠂ ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠪᠠ | ᠴᠢᠳᠠᠪᠤᠷᠢᠲᠠᠨ ᠤ ᠲᠤᠯᠭᠠᠭᠤᠷᠢᠯᠠᠯ ᠴᠢᠩᠭ᠎ᠠ ᠪᠢᠰᠢ᠂ ᠠᠵᠤ ᠦᠢᠯᠡᠰ ᠤᠨ ᠵᠦᠢᠯᠡᠰ ᠢ ᠲᠠᠲᠠᠬᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠳᠤᠲᠠᠭᠤᠳᠠᠯ ᠢ | ᠮᠥᠨ ᠯᠡ ᠰᠢᠢᠳᠪᠦᠷᠢᠯᠡᠭᠡᠳᠦᠢ ᠪᠠᠶᠢᠭᠰᠠᠭᠠᠷ᠂ ᠭᠠᠵᠠᠷ ᠰᠢᠷᠣᠢ ᠶᠢ ᠡᠷᠴᠢᠮᠵᠢᠭᠦᠯᠦᠨ ᠠᠰᠢᠭᠯᠠᠬᠤ᠂ ᠭᠠᠷᠭᠠᠯᠲᠠ ᠶᠢᠨ ᠦᠷ᠎ᠡ ᠠᠰᠢᠭ ᠢ ᠲᠦᠷᠭᠡᠨ ᠳᠡᠭᠡᠭᠰᠢᠯᠡᠭᠦᠯᠬᠦ | ᠴᠢᠬᠤᠯᠠᠲᠠᠢ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯᠣᠨ ᠠᠵᠤ ᠠᠬᠤᠶᠢᠯᠠᠯ ᠤᠨ ᠬᠦᠰᠡᠯ ᠡᠷᠡᠮᠡᠯᠵᠡᠯ ᠪᠠᠰᠠ ᠵᠥᠷᠢᠶ᠎ᠡ ᠲᠠᠢ ᠪᠠᠶᠢᠭᠰᠠᠭᠠᠷ᠃ | ᠬᠤᠲᠠ ᠶᠢᠨ ᠴᠢᠳᠠᠪᠤᠷᠢ ᠶᠢᠨ ᠲᠠᠰ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠬᠠᠮᠢᠶᠠᠷᠤᠯᠲᠠ ᠶᠢᠨ ᠴᠢᠳᠠᠪᠤᠷᠢ ᠪᠠᠰᠠ ᠲᠡᠶᠢᠮᠦ ᠴᠢᠩᠭ᠎ᠠ ᠪᠢᠰᠢ | ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠪᠡᠶ᠎ᠡ ᠶᠢᠨ ᠲᠠᠮᠢᠷ᠂ ᠨᠠᠰᠤᠵᠢᠯ ᠤᠨ ᠠᠰᠠᠷᠠᠮᠵᠢ ᠵᠡᠷᠭᠡ ᠴᠢᠨᠠᠷ ᠰᠠᠶᠢᠲᠠᠢ ᠣᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠮᠥᠨ ᠬᠦ ᠬᠦᠷᠦᠯᠴᠡᠬᠦ ᠦᠭᠡᠢ ᠪᠠᠶᠢᠨ᠎ᠠ᠃ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠠᠰᠠ ᠤᠯᠠᠮ ᠨᠢᠭᠡ ᠠᠯᠬᠤᠮ | ᠪᠠᠬᠢᠵᠢᠭᠦᠯᠦᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠪᠠᠰᠠ ᠪᠠᠭᠤᠷᠠᠢ ᠭᠤᠭᠴᠤᠭ᠎ᠠ ᠣᠷᠣᠰᠢᠵᠤ᠂ ᠠᠶᠤᠯ | ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠮᠥᠨ ᠬᠦ ᠪᠣᠳᠠᠲᠠᠶᠢᠵᠢᠭᠤᠯᠬᠤ ᠴᠢᠬᠤᠯᠠᠲᠠᠢ ᠪᠠᠶᠢᠨ᠎ᠠ᠃ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠠᠰᠠ ᠴᠢᠩᠭᠠᠳᠬᠠᠬᠤ ᠴᠢᠬᠤᠯᠠᠲᠠᠢ ᠪᠠᠶᠢᠵᠤ᠂ ᠴᠥᠭᠡᠨ ᠲᠣᠭᠠᠨ ᠤ ᠺᠠᠳ᠋ᠷᠴᠤᠳ ᠤᠨ ᠣᠶᠢᠯᠠᠭᠠᠭᠳᠠᠬᠤᠨ ᠠᠷᠭ᠎ᠠ᠂ | ᠴᠢᠳᠠᠪᠤᠷᠢ ᠶᠢᠨ ᠬᠢᠷᠢ ᠬᠡᠮᠵᠢᠶ᠎ᠡ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠯᠤᠭ᠎ᠠ ᠪᠠᠰᠠ | ᠵᠥᠷᠢᠶ᠎ᠡ ᠲᠠᠢ ᠪᠠᠶᠢᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠡᠭᠦᠨ ᠳᠤ ᠪᠢᠳᠡ ᠵᠥᠷᠢᠴᠡᠯ ᠳᠤ | ᠰᠢᠭᠤᠳ ᠬᠠᠨᠳᠤᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠥᠭᠡᠷᠡᠴᠢᠯᠡᠨ ᠰᠠᠶᠢᠵᠢᠷᠠᠭᠤᠯᠬᠤ ᠪᠠᠷ ᠴᠢᠷᠮᠠᠶᠢᠨ᠎ᠠ᠃ | | | | |