ᠬᠤᠶᠠᠷ᠂ 2023 ᠣᠨ ᠤ ᠠᠵᠢᠯ ᠤᠨ ᠡᠭᠦᠷᠭᠡ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠥᠭᠵᠢᠯᠲᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠵᠢᠯ ᠮᠥᠨ᠃ ᠪᠢᠳᠡ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ | ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠬᠦᠷᠢᠶᠡᠯᠡᠵᠦ᠂ ᠦᠵᠡᠯ ᠰᠠᠨᠠᠭᠠᠨ ᠤ ᠲᠠᠯ᠎ᠠ ᠪᠠᠷ ᠪᠠᠷᠢᠮᠵᠢᠶ᠎ᠠ ᠪᠠᠨ ᠢᠯᠡᠳᠬᠡᠵᠦ᠂ ᠦᠢᠯᠡ ᠠᠵᠢᠯᠯᠠᠭ᠎ᠠ ᠶᠢᠨ ᠲᠠᠯ᠎ᠠ ᠪᠠᠷ | ᠴᠢᠩᠭ᠎ᠠ ᠳᠠᠭᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠣᠷᠢᠭ ᠰᠠᠨᠠᠭ᠎ᠠ ᠪᠠᠨ ᠨᠢᠭᠡᠳᠬᠡᠵᠦ᠂ ᠪᠦᠬᠦ | ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ ᠠᠵᠢᠯ ᠢᠶᠠᠨ ᠶᠡᠷᠦᠩᠬᠡᠶᠢᠯᠡᠨ ᠵᠢᠯᠤᠭᠤᠳᠬᠤ ᠬᠡᠷᠡᠭᠲᠡᠢ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠨᠢᠭᠡᠳᠦᠭᠡᠷ᠂ ᠬᠤᠶᠠᠳᠤᠭᠠᠷ ᠪᠦᠭᠦᠳᠡ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ | ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ | ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ | ᠠᠭᠤᠰᠤᠯᠴᠠᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠥᠭᠵᠢᠯᠲᠡ ᠪᠠ ᠠᠮᠤᠷ | ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ︽ | ᠲᠠᠪᠤᠨ ᠵᠢᠱᠢᠶ᠎ᠡ ᠦᠵᠡᠭᠦᠯᠬᠦ︾ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠴᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠬᠡᠪᠡᠷ ᠬᠥᠪᠴᠢᠯᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠠᠬ᠎ᠠ | ᠳᠡᠯᠭᠡᠭᠦᠷ ᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ | ᠪᠣᠬᠢᠷᠲᠤᠯ ᠦᠭᠡᠢ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠲᠦᠷᠭᠡᠳᠬᠡᠨ ᠠᠬᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠤᠭᠰᠠᠨ | ᠰᠠᠭᠤᠷᠢᠨ ᠳᠡᠭᠡᠷ᠎ᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ ᠤᠷᠤᠭᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠢᠯᠢᠳᠡᠭᠴᠢᠯᠡᠨ | ᠤᠷᠤᠭᠰᠢᠯᠠᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠦᠨ᠂ | ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠯ ᠲᠠᠢ ᠠᠮᠤᠷ ᠠᠮᠤᠭᠤᠯᠠᠩ ᠣᠷᠴᠣᠨ ᠤ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% | ᠣᠷᠴᠢᠮ ᠢᠶᠠᠷ ᠨᠡᠮᠡᠭᠳᠡᠭᠦᠯᠵᠦ᠂ ᠬᠢᠵᠠᠭᠠᠷᠯᠠᠭᠰᠠᠨ ᠲᠣᠭᠠᠨ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 5% ᠠᠴᠠ ᠳᠡᠭᠡᠭᠰᠢ ᠨᠡᠮᠡᠭᠳᠡᠭᠦᠯᠵᠦ᠂ ᠤᠯᠠᠨ ᠨᠡᠶᠢᠲᠡ ᠶᠢᠨ | ᠡᠩ ᠤᠨ ᠲᠥᠰᠥᠪ ᠤᠨ ᠣᠷᠣᠯᠭ᠎ᠠ ᠪᠠ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ; ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠢᠭᠡᠴᠢ | GDP ᠶᠢᠨ ᠡᠨᠧᠷᠭᠢ ᠶᠢᠨ ᠬᠤᠷᠣᠭᠳᠠᠯ᠂ ᠭᠤᠣᠯ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ᠂ ᠠᠶᠤᠯ ᠦᠭᠡᠢ ᠦᠢᠯᠡᠳᠪᠦᠷᠢᠯᠡᠯ ᠵᠡᠷᠭᠡ ᠬᠢᠵᠠᠭᠠᠷᠯᠠᠬᠤ | ᠴᠢᠨᠠᠷᠲᠠᠢ ᠭᠦᠢᠴᠡᠳᠬᠡᠯ ᠲᠤᠭ᠎ᠠ ᠶᠢ ᠳᠡᠭᠡᠳᠦ ᠱᠠᠲᠤᠨ ᠤ ᠱᠠᠭᠠᠷᠳᠠᠭᠰᠠᠨ ᠬᠡᠪᠴᠢᠶᠡᠨ ᠳᠤ ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠢᠳᠡ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | |