ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ 2023 ᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵  ᠨᠠᠢᠮᠠ︶
ᠨᠡᠶᠢᠲᠡᠯᠡᠭᠰᠡᠨ ᠴᠠᠭ᠄
2023/12/4
︵ᠨᠢᠭᠡ︶ ᠪᠣᠳᠠᠲᠤ ᠴᠣᠭᠴᠠ ᠪᠠᠷ ᠪᠣᠳᠠᠲᠤ ᠦᠷ᠎ᠡ ᠪᠦᠲᠦᠮᠵᠢ ᠭᠠᠷᠭᠠᠵᠤ᠂ ᠬᠥᠭᠵᠢᠯᠲᠡ ᠶᠢᠨ ᠰᠡᠯᠭᠦᠬᠦ ᠬᠦᠴᠦᠨ ᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠨ᠎ᠡ    ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ 160 ᠲᠦᠮᠡᠨ ᠮᠦ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠦᠨ᠂ 16 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠢ ᠥᠷᠭᠡᠳᠬᠡᠨ ᠳᠠᠷᠢᠬᠤ ᠡᠭᠦᠷᠭᠡ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠠᠮᠤ ᠪᠤᠳᠠᠭ᠎ᠠ ᠳᠠᠷᠢᠬᠤ ᠲᠠᠯᠠᠪᠠᠶ ᠶᠢ ᠥᠷᠭᠡᠳᠬᠡᠵᠦ᠂ 433 ᠲᠦᠮᠡᠨ ᠮᠦ ᠶᠢ ᠪᠡᠶᠡᠯᠡᠭᠦᠯᠵᠦ᠂ ᠤᠨᠠᠯᠲᠠ ᠨᠢ 11 ᠳ᠋ᠦᠩᠰᠢᠭᠤᠷ ᠵᠢᠩ ᠠᠴᠠ ᠳᠡᠭᠡᠭᠰᠢ ᠪᠣᠯᠪᠠ᠃ ᠤᠯᠤᠰ ᠤᠨ ᠲᠠᠰ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠶᠢᠨ ᠡᠭᠦᠯᠳᠡᠷ ᠰᠠᠶᠢᠨ ᠠᠷᠭ᠎ᠠ ᠶᠢᠨ ᠢᠵᠢ ᠪᠦᠷᠢᠳᠦᠭᠦᠯᠬᠦ ᠮᠡᠷᠭᠡᠵᠢᠯ ᠢ ᠬᠡᠷᠡᠭᠵᠢᠭᠦᠯᠦᠨ᠂ ᠨᠠᠩ ᠣᠯᠠᠨ ᠴᠢᠨᠠᠷ ᠰᠠᠶᠢᠲᠠᠢ᠂ ᠥᠨᠳᠥᠷ ᠤᠨᠠᠯᠲᠠ ᠲᠠᠢ᠂ ᠳᠠᠭᠠᠭᠠᠬᠤ ᠴᠢᠨᠠᠷ ᠢᠶᠠᠷ ᠰᠠᠶᠢᠨ ᠰᠢᠷ᠎ᠠ ᠪᠤᠷᠴᠠᠭ ᠤᠨ ᠡᠭᠦᠯᠳᠡᠷ ᠢ ᠪᠣᠶᠢᠵᠢᠭᠤᠯᠵᠤ᠂ ᠲᠠᠷᠢᠶᠠᠯᠠᠩ ᠤᠨ ᠰᠠᠶᠢᠨ ᠡᠭᠦᠯᠳᠡᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠢᠷ᠎ᠠ ᠪᠤᠷᠴᠠᠭ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 10 ᠪᠠᠶᠢᠭᠤᠯᠵᠤ᠂ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠦᠷᠭᠦᠯᠵᠢᠯᠡᠨ ᠰᠠᠶᠢᠬᠠᠨ ᠲᠠᠷᠢᠶ᠎ᠠ ᠪᠠᠷ ᠦᠷ᠎ᠡ ᠰᠣᠩᠭᠤᠬᠤ ᠲᠠᠪᠴᠠᠩ ᠢ ᠬᠡᠷᠡᠭᠯᠡᠵᠦ᠂ ᠨᠡᠩ ᠤᠯᠠᠨ ᠲᠠᠷᠢᠶᠠᠴᠢᠳ ᠢ ᠬᠠᠪᠰᠤᠷᠤᠨ ᠰᠠᠶᠢᠨ ᠦᠷ᠎ᠡ ᠰᠣᠩᠭᠤᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠴᠢᠷᠮᠠᠶᠢᠨ ᠳᠡᠭᠡᠭᠰᠢᠯᠡᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠦᠷᠭᠡᠪᠴᠢᠯᠡᠨ ᠳᠡᠭᠡᠭᠰᠢᠯᠡᠭᠦᠯᠵᠦ᠂ 40 ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠠᠰᠢᠶ᠎ᠠ ᠰᠠᠷᠠᠪᠴᠢ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠢ ᠰᠠᠶᠢᠵᠢᠷᠠᠭᠤᠯᠤᠨ᠂ ᠰᠢᠯᠢᠳᠡᠭ ᠡᠭᠦᠯᠳᠡᠷ ᠢ ᠣᠷᠣᠭᠤᠯᠵᠤ ᠢᠷᠡᠨ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 2 ᠪᠦᠲᠦᠭᠡᠨ ᠪᠠᠶᠢᠭᠤᠯᠵᠤ᠂ ᠮᠠᠯ ᠤᠨ ᠲᠤᠭ᠎ᠠ ᠬᠡᠮᠵᠢᠶ᠎ᠡ ᠶᠢ 40 ᠲᠦᠮᠡᠨ ᠲᠣᠯᠣᠭᠠᠢ ︵ᠲᠣᠯᠣᠭᠠᠢ︶  ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠂ ᠮᠠᠯ ᠵᠢᠭᠦᠷᠲᠡᠨ ᠤ ᠠᠰᠢᠭ ᠰᠢᠮ᠎ᠡ ᠶᠢᠨ ᠦᠢᠯᠡᠳᠪᠦᠷᠢᠯᠡᠯ ᠢ ᠶᠡᠷᠦᠩᠬᠡᠢ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠣᠶᠢᠵᠢᠭᠤᠯᠤᠨ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠵᠢᠱᠢᠶ᠎ᠡ ᠦᠵᠡᠭᠦᠯᠬᠦ ᠴᠢᠨᠠᠷᠲᠠᠢ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠪᠡ᠃ ᠲᠥᠬᠦᠭᠡᠷᠦᠮᠵᠢᠲᠦ ᠲᠠᠷᠢᠶᠠᠯᠠᠩ ᠢ 1000 ᠮᠤ ᠠᠴᠠ ᠳᠡᠭᠡᠭᠰᠢ ᠪᠦᠲᠦᠭᠡᠨ ᠪᠠᠶᠢᠭᠤᠯᠵᠤ᠂ ᠤᠯᠠᠨ ᠲᠦᠮᠡᠨ ᠤ ︽ᠬᠤᠯᠢᠰᠢᠨ ᠢᠳᠡᠭᠡᠨ︾ ᠤ ︽ᠵᠢᠮᠢᠰ ᠤᠨ ᠲᠠᠪᠠᠭ︾ ᠢ ᠪᠠᠶᠠᠯᠢᠭᠵᠢᠭᠤᠯᠤᠨ᠎ᠠ᠃ ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ ᠶᠢ ᠮᠠᠭᠠᠳᠯᠠᠨ ᠲᠣᠭᠲᠠᠭᠠᠬᠤ᠂ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠴᠤᠭᠯᠠᠭᠤᠯᠤᠨ ᠲᠡᠮᠳᠡᠭᠯᠡᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠠᠶᠤᠯᠭᠦᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃     ᠠᠵᠤ ᠦᠢᠯᠡᠳᠪᠦᠷᠢ ᠶᠢᠨ ᠬᠥᠭᠵᠢᠯᠲᠡ ᠶᠢᠨ ᠬᠢᠷᠢ ᠲᠦᠪᠰᠢᠨ ᠢ ᠲᠣᠭᠲᠠᠭᠠᠯ ᠳᠡᠭᠡᠷᠡᠬᠢ ᠠᠵᠤ ᠠᠬᠤᠶᠢᠯᠠᠯ ᠤᠨ ᠠᠩᠬᠠᠷᠤᠯ ᠤᠨ ᠬᠡᠮᠵᠢᠶ᠎ᠡ ᠶᠢ ᠭᠤᠣᠯᠳᠠᠯᠭ᠎ᠠ ᠲᠠᠢ ᠴᠢᠩᠭᠠᠳᠬᠠᠵᠤ᠂ ᠭᠦᠸᠧ ᠶᠢᠨ ᠠᠭᠤᠷᠬᠠᠢ ᠶᠢᠨ ᠦᠢᠯᠡᠰ᠂ ᠬᠤᠸᠠ ᠶᠠᠩ ᠤᠨ ᠴᠠᠬᠢᠯᠭᠠᠨ ᠤ ᠠᠵᠢᠯ ᠤᠨ ᠳᠠᠪᠬᠤᠷᠭ᠎ᠠ ᠶᠢᠨ ᠳᠠᠷᠤᠯᠲᠠᠲᠤ ᠮᠣᠳᠣ ᠵᠡᠷᠭᠡ ᠤᠯᠠᠮᠵᠢᠯᠠᠯᠲᠤ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢ ᠬᠥᠲᠥᠯᠥᠨ ᠵᠢᠯᠤᠭᠤᠳᠴᠤ᠂ ᠦᠢᠯᠡᠳᠬᠦᠨ ᠤ ᠭᠠᠷᠤᠯᠲᠠ ᠶᠢᠨ ᠦᠷᠭᠦᠯᠵᠢᠯᠡᠨ ᠨᠡᠮᠡᠭᠳᠡᠬᠦ ᠪᠠᠶᠢᠳᠠᠯ ᠢ ᠪᠠᠲᠤᠯᠠᠨ᠎ᠠ᠃ ᠳᠦᠷᠢᠮ ᠲᠣᠭᠲᠠᠭᠠᠯ  ᠢ ᠳᠡᠭᠡᠭᠰᠢᠯᠡᠭᠦᠯᠦᠨ ᠪᠣᠶᠢᠵᠢᠭᠤᠯᠬᠤ ᠢᠨᠵᠧᠨᠧᠷᠢᠩ  ᠢ ᠴᠢᠩᠭ᠎ᠠ ᠠᠳᠬᠤᠵᠤ᠂ ᠵᠢᠩ ᠯᠦᠨ ᠽᠢ ᠰᠦ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ  ᠶᠢᠨ ᠳᠦᠷᠢᠮ ᠲᠣᠭᠲᠠᠭᠠᠯ  ᠢ ᠳᠡᠭᠡᠭᠰᠢᠯᠡᠭᠦᠯᠦᠨ ᠨᠢᠭᠡᠳᠬᠡᠬᠦ ᠪᠠᠷ ᠴᠢᠷᠮᠠᠶᠢᠨ᠎ᠠ᠃ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠵᠠᠮ᠂ ᠦᠶᠡᠷ ᠤᠰᠤᠲᠤᠯ ᠢ ᠵᠠᠯᠠᠬᠤ᠂ ᠲᠠᠯᠠᠪᠤᠷ ᠭᠠᠵᠠᠷ ᠢ ᠲᠡᠭᠰᠢᠯᠡᠬᠦ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠨᠡᠪᠴᠢᠭᠦᠯᠬᠦ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠤᠰᠤᠨ ᠳᠤ ᠨᠢᠰᠦᠭᠰᠡᠨ ᠵᠢᠢ ᠡᠳ᠋ᠰᠢᠭᠦᠯᠬᠦ ᠦᠢᠯᠡᠳᠪᠦᠷᠢ ᠵᠡᠷᠭᠡ 16 ᠲᠥᠷᠥᠯ ᠵᠦᠢᠯ ᠢ ᠴᠢᠩᠭ᠎ᠠ ᠠᠳᠬᠤᠵᠤ᠂ ᠡᠷᠲᠡᠬᠡᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠵᠤ᠂ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠦᠨ᠂ ᠵᠢᠯ ᠤᠨ ᠦᠢᠯᠡᠳᠬᠦᠨ ᠤ ᠥᠷᠲᠡᠭ ᠢ 11 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃    ᠰᠣᠶᠣᠯ ᠵᠤᠭᠠᠴᠠᠯ ᠢ ᠠᠭᠤᠰᠤᠯᠴᠠᠭᠤᠯᠬᠤ ᠠᠵᠢᠯ ᠢ ᠠᠮᠢᠳᠤᠯᠢᠭ ᠢᠶᠠᠷ ᠬᠢᠨ᠎ᠡ᠃ ᠰᠣᠶᠣᠯ ᠢᠶᠠᠷ ᠵᠤᠭᠠᠴᠠᠯ ᠢ ᠱᠤᠭᠤᠬᠤ᠂ ᠵᠤᠭᠠᠴᠠᠯ ᠢᠶᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ᠰᠣᠶᠣᠯ ᠢᠶᠠᠷ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠤᠯᠠᠨ ᠠᠴᠠ ᠣᠨᠴᠠᠭᠠᠢ ᠵᠤᠭᠠᠴᠠᠯ ᠤᠨ ᠡᠬᠢ ᠪᠠᠶᠠᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠭᠤᠷᠪᠠᠨ ᠤᠳᠤᠷᠢᠳᠤᠮᠵᠢ ᠶᠢᠨ ᠴᠢᠭᠯᠡᠯ ᠢ ᠪᠠᠷᠢᠮᠲᠠᠯᠠᠵᠤ᠂ ᠰᠣᠶᠣᠯ ᠵᠤᠭᠠᠴᠠᠯ ᠤᠨ ᠲᠥᠷᠥᠯ ᠵᠦᠢᠯ ᠢ ᠲᠥᠰᠥᠪᠯᠡᠬᠦ᠂ ᠪᠣᠭᠤᠳᠠᠯᠯᠠᠬᠤ᠂ ᠪᠦᠲᠦᠭᠡᠨ ᠪᠠᠶᠢᠭᠤᠯᠬᠤ᠂ ᠡᠵᠡᠩᠨᠡᠬᠦ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠵᠤᠭᠠᠴᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠤᠭᠠᠴᠠᠯ ᠤᠨ ᠲᠥᠪᠯᠡᠷᠡᠭᠦᠯᠦᠨ ᠲᠠᠷᠬᠠᠭᠠᠬᠤ ᠲᠥᠪ᠂ ᠫᠤᠤᠳᠠᠯᠭ᠎ᠠ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠲᠣᠪᠠ ᠰᠢᠶᠡᠨᠪᠢ ᠶᠢᠨ ᠲᠡᠦᠬᠡ ᠰᠣᠶᠣᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢᠨ ᠬᠠᠮᠲᠤ ᠦᠵᠡᠮᠵᠢ ᠶᠢᠨ ᠣᠷᠣᠨ ᠤ ᠳᠡᠰ ᠳᠡᠪᠰᠢᠬᠦ ᠶᠢ ᠠᠬᠢᠭᠤᠯᠵᠤ᠂ ᠭᠡᠷ ᠲᠡᠷᠭᠡ ᠶᠢᠨ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠬᠠᠮᠲᠤ 5C ᠲᠠᠰ ᠤᠨ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠨ ᠰᠠᠭᠤᠬᠤ ᠪᠠ ᠲᠡᠷᠭᠡ ᠪᠠᠷ ᠪᠠᠭᠤᠳᠠᠯᠯᠠᠬᠤ ᠭᠠᠵᠠᠷ ᠢ ᠢᠳᠡᠪᠬᠢᠲᠡᠢ ᠪᠠᠷ ᠪᠠᠶᠢᠭᠤᠯᠵᠤ᠂ ᠬᠡᠭᠡᠷ᠎ᠡ ᠶᠢᠨ ᠮᠠᠰᠢᠨ ᠲᠡᠷᠭᠡ ᠶᠢᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠣᠷᠴᠣᠨ ᠤ ᠦᠨᠳᠦᠰᠦᠲᠡᠨ ᠤ ᠠᠩ ᠠᠩᠨᠠᠯ ᠤᠨ ᠥᠩᠭᠡᠷᠡᠯᠲᠡ᠂ ᠨᠢᠰᠦᠭᠡ ᠫᠢᠯᠠ ᠫᠤᠤᠳᠠᠯᠭ᠎ᠠ ᠶᠢᠨ ᠲᠠᠯᠠᠪᠠᠶ᠂ ᠪᠦᠰᠰᠤᠷᠢ ᠶᠢᠨ ᠳᠥᠷᠪᠡᠨ ᠤᠯᠠᠷᠢᠯ ᠤᠨ ᠮᠥᠰᠥᠨ ᠱᠤᠭᠤᠮᠠᠯ ᠤᠨ ᠣᠷᠳᠣᠨ᠂ ᠨᠣᠮᠢᠨ ᠪᠠᠯᠭᠠᠰᠤ ᠶᠢᠨ ᠠᠩᠴᠢᠨ ᠲᠣᠰᠬᠤᠨ ᠤ ᠬᠤᠪᠢᠰᠬᠠᠯᠲᠤ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠵᠤ᠂ ᠰᠣᠶᠣᠯ ᠵᠢᠭᠤᠯᠴᠢᠯᠠᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ᠎ᠠ᠃ ᠪᠠᠲᠤ ᠪᠠᠬᠢ ᠭᠤᠷᠪᠠᠨ ᠵᠦᠢᠯ ᠤᠨ ᠣᠶᠢᠯᠠᠭᠠᠭᠳᠠᠬᠤᠨ ᠢ ᠪᠤᠢ ᠪᠣᠯᠭᠠᠵᠤ᠂ ᠴᠡᠴᠡᠭ ᠰᠣᠨᠢᠷᠬᠠᠬᠤ ᠤᠯᠠᠷᠢᠯ᠂ ᠲᠦᠳᠡᠭ ᠭᠠᠯ ᠤᠨ ᠤᠯᠠᠷᠢᠯ᠂ ᠲᠠᠮᠢᠷ ᠤᠨ ᠤᠯᠠᠷᠢᠯ᠂ ᠮᠥᠰᠥ ᠴᠠᠰᠤᠨ ᠤ ᠤᠯᠠᠷᠢᠯ ᠤᠨ ᠵᠤᠭᠠᠴᠠᠯ ᠤᠨ ᠠᠵᠢᠯᠯᠠᠭ᠎ᠠ ᠶᠢ ᠦᠷᠭᠦᠯᠵᠢᠯᠡᠨ ᠡᠷᠬᠢᠯᠡᠨ᠎ᠠ︔ ᠣᠶ ᠰᠢᠭᠤᠢ  ᠠᠴᠠ ᠢᠳᠡᠭᠡᠨ ᠠᠪᠬᠤ ᠶᠢ ᠪᠠᠷᠢᠮᠲᠠᠯᠠᠵᠤ᠂ ᠬᠡᠯᠡᠨ ᠤ ᠦᠵᠦᠭᠦᠷ ᠲᠠᠬᠢ ᠣᠶ ᠰᠢᠭᠤᠢ ᠶᠢᠨ ᠠᠮᠲᠠᠲᠤ ᠢᠳᠡᠭᠡᠨ ᠢ ᠪᠣᠶ ᠪᠣᠯᠭᠠᠵᠤ᠂ ᠣᠷᠴᠣᠨ ᠤ ᠤᠷᠢᠳᠴᠢᠯᠠᠨ ᠬᠢᠭᠰᠡᠨ ᠨᠣᠭᠤᠭ᠎ᠠ ᠶᠢ ᠰᠤᠳᠤᠯᠤᠨ ᠨᠡᠭᠡᠭᠡᠵᠦ᠂ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠠᠮᠲᠠᠲᠤ ᠢᠳᠡᠭᠡᠨ ᠤ ᠰᠣᠶᠣᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠣᠷᠴᠣᠨ ᠤ ᠣᠶ ᠰᠢᠭᠤᠢ ᠶᠢᠨ ᠠᠮᠲᠠᠲᠤ ᠢᠳᠡᠭᠡᠨ ᠤ ᠨᠠᠶᠢᠷ ᠢ ᠢᠳᠡᠪᠬᠢᠲᠡᠢ ᠲᠥᠯᠥᠪᠯᠡᠨ ᠡᠷᠭᠢᠯᠡᠨ᠎ᠡ︔ ︽ᠣᠷᠴᠣᠨ ᠬᠥᠮᠥᠨ ᠪᠣᠯᠬᠤ︾᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠦᠨᠳᠦᠰᠦᠲᠡᠨ ᠤ ᠰᠣᠶᠣᠯ ᠤᠨ ᠡᠭᠦᠳᠦᠯᠲᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠥᠪᠡᠷᠮᠢᠴᠡ ᠲᠠᠲᠠᠬᠤ ᠬᠦᠴᠦᠨ ᠲᠠᠢ ᠰᠣᠶᠣᠯ ᠤᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠲᠦᠷᠭᠡᠳᠬᠡᠨ ᠪᠣᠶᠢᠵᠢᠭᠤᠯᠵᠤ᠂ ᠤᠯᠤᠰ ᠤᠨ ᠳᠣᠲᠣᠭᠠᠳᠤ ᠶᠢᠨ ᠨᠠᠷᠠᠲᠤ ᠵᠢᠭᠤᠯᠴᠢᠯᠠᠯ ᠤᠨ ᠵᠣᠷᠢᠭᠰᠠᠨ ᠭᠠᠵᠠᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠢᠨᠠᠷ ᠰᠠᠶᠢᠲᠠᠢ ᠵᠢᠭᠤᠯᠴᠢᠯᠠᠯ ᠤᠨ ᠦᠢᠯᠡᠰ ᠤᠨ ᠬᠠᠮᠠᠭᠠᠯᠠᠬᠤ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ᠂ ᠤᠳᠤᠮᠰᠢᠯ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ᠂ ᠪᠣᠳᠠᠰ ᠤᠨ ᠪᠤᠰᠤ ᠰᠣᠶᠣᠯ ᠤᠨ ᠥᠪ ᠤᠨ ᠵᠠᠮ ᠱᠤᠭᠤᠮ᠂ ᠪᠣᠳᠠᠰ ᠤᠨ ᠪᠤᠰᠤ ᠰᠣᠶᠣᠯ ᠤᠨ ᠥᠪ ᠤᠨ ᠲᠣᠰᠬᠤᠨ ᠪᠠᠯᠭᠠᠰᠤ ᠶᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠬᠠᠮᠠᠭᠠᠯᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠰᠢᠰᠲ᠋ᠧᠮᠵᠢᠭᠦᠯᠬᠦ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠰᠣᠶᠣᠯ ᠤᠷᠠᠯᠢᠭ ᠤᠨ ᠠᠵᠢᠯᠯᠠᠭ᠎ᠠ ᠶᠢ 120 ᠲᠠᠯᠠᠪᠠᠶ  ᠠᠴᠠ ᠳᠡᠭᠡᠭᠰᠢ᠂ ᠪᠣᠳᠠᠰ ᠤᠨ ᠪᠤᠰᠤ ᠰᠣᠶᠣᠯ ᠤᠨ ᠥᠪ ᠤᠨ ᠪᠣᠯᠪᠠᠰᠤᠷᠠᠭᠤᠯᠤᠯ᠂ ᠰᠣᠶᠣᠯ ᠤᠷᠠᠯᠢᠭ ᠤᠨ ᠵᠢᠯᠣᠭᠤᠳᠤᠯᠭ᠎ᠠ ᠶᠢ 30 ᠲᠠᠯᠠᠪᠠᠶ  ᠠᠴᠠ ᠳᠡᠭᠡᠭᠰᠢ ᠥᠷᠨᠢᠭᠦᠯᠵᠦ᠂ ᠤᠯᠤᠰ ᠤᠨ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠪᠦᠲᠦᠭᠡᠨ ᠪᠠᠶᠢᠭᠤᠯᠤᠨ᠎ᠠ᠃ 
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ