ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ 2023 ᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵  ᠶᠢᠰᠦ︶
ᠨᠡᠶᠢᠲᠡᠯᠡᠭᠰᠡᠨ ᠴᠠᠭ᠄
2023/12/4
︵ᠬᠤᠶᠠᠷ︶ ᠬᠥᠳᠡᠯᠭᠡᠭᠴᠢ ᠡᠨᠧᠷᠭᠢ ᠪᠠᠷ ᠬᠥᠳᠡᠯᠭᠡᠭᠴᠢ ᠬᠦᠴᠦᠨ ᠢ ᠨᠡᠮᠡᠭᠳᠡᠭᠦᠯᠵᠦ᠂ ᠬᠥᠭᠵᠢᠯᠲᠡ ᠶᠢᠨ ᠲᠠᠯᠳᠠ ᠬᠦᠴᠦᠨ ᠢ ᠭᠦᠨ ᠠᠭᠤᠳᠠᠯᠬᠤ ᠲᠠᠯ᠎ᠠ ᠪᠠᠷ ᠦᠷᠭᠦᠯᠵᠢᠯᠡᠨ ᠬᠦᠴᠦᠯᠡᠨ᠎ᠡ    ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠥᠷᠭᠡᠳᠬᠡᠬᠦ ᠶᠢ ᠴᠢᠩᠭ᠎ᠠ ᠠᠳᠬᠤᠨ᠎ᠠ᠃ ᠲᠥᠷᠥᠯ ᠵᠦᠢᠯ ᠤᠨ ᠬᠥᠭᠵᠢᠯᠲᠡ ᠪᠠᠷ ᠪᠠᠭᠠᠲᠤᠷ ᠢ ᠦᠨᠡᠯᠡᠬᠦ ᠶᠢ ᠪᠠᠷᠢᠮᠲᠠᠯᠠᠵᠤ᠂ ᠨᠢᠭᠡ ᠶᠢ ᠪᠠᠶᠢᠭᠤᠯᠤᠨ ᠪᠦᠲᠦᠭᠡᠪᠡᠯ ᠨᠢᠭᠡ ᠶᠢ ᠦᠷ᠎ᠡ ᠪᠦᠲᠦᠮᠵᠢ ᠣᠯᠬᠤ ᠠᠵᠢᠯ ᠤᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ 143 ᠬᠤᠰᠢᠭᠤᠨ ᠤ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 13.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠨᠢᠭᠡᠳᠦᠯᠲᠡᠢ ᠲᠥᠯᠥᠪᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠦᠨᠡᠨ ᠪᠣᠳᠠᠲᠠᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠣᠲᠣᠭᠠᠳᠤ ᠭᠠᠳᠠᠭᠠᠳᠤ ᠶᠢ ᠵᠡᠷᠭᠡ ᠪᠠᠷ ᠬᠥᠭᠵᠢᠭᠦᠯᠦᠨ ᠠᠷᠠᠯᠵᠢᠶᠠᠴᠢᠨ ᠤᠷᠢᠬᠤ ᠪᠡᠷᠬᠡ ᠰᠡᠳᠦᠪ ᠢ ᠰᠢᠢᠳᠪᠦᠷᠢᠯᠡᠵᠦ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ ᠵᠠᠭᠤᠨ ᠭᠤᠣᠯ ᠢ ᠲᠡᠯᠡᠶ ᠳᠤ ᠴᠢᠳᠬᠤᠬᠤ᠂ ᠲᠦᠮᠡᠨ ᠭᠤᠣᠯ ᠤᠷᠤᠰᠬᠠᠯ ᠤᠨ ᠬᠤᠳᠠᠯᠳᠤᠭᠠᠴᠢᠨ ᠤᠷᠢᠬᠤ ᠬᠠᠯᠠᠭᠤᠨ ᠥᠷᠨᠢᠯᠲᠡ ᠶᠢ ᠪᠣᠶ ᠪᠣᠯᠭᠠᠵᠤ᠂ ᠬᠤᠲᠠ ᠶᠢᠨ ᠭᠠᠳᠠᠨ᠎ᠠ ᠭᠠᠵᠠᠷ ᠲᠤ ᠰᠠᠭᠤᠷᠢᠰᠢᠭᠤᠯᠬᠤ ᠪᠡᠯᠡ ᠮᠥᠩᠭᠦ ᠶᠢ 5.6 ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠨ᠎ᠠ᠃ ᠡᠯᠧᠮᠧᠨ᠋ᠲ ᠨᠢ ᠲᠥᠷᠥᠯ ᠵᠦᠢᠯ ᠢ ᠳᠠᠭᠠᠵᠤ ᠶᠠᠪᠤᠬᠤ ᠶᠢ ᠪᠠᠷᠢᠮᠲᠠᠯᠠᠵᠤ᠂ ᠳᠡᠭᠡᠭᠰᠢ ᠪᠠᠨ ᠴᠢᠷᠮᠠᠶᠢᠨ ᠲᠡᠮᠡᠴᠡᠬᠦ᠂ ᠳᠣᠷᠣᠭᠰᠢ ᠪᠠᠨ ᠳᠠᠯᠳᠠ ᠬᠦᠴᠦᠨ ᠢ ᠠᠭᠤᠳᠠᠯᠬᠤ ᠬᠠᠮ ᠠᠷᠭ᠎ᠠ ᠪᠠᠷᠢᠯ ᠢ ᠰᠠᠶᠢᠲᠤᠷ ᠬᠢᠵᠦ᠂ ᠪᠡᠯᠡ ᠮᠥᠩᠭᠦ ᠪᠤᠯᠢᠶᠠᠯᠳᠤᠨ ᠲᠥᠷᠥᠯ ᠵᠦᠢᠯ ᠳᠤ ᠭᠦᠶᠦᠬᠦ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃    ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ ᠬᠡᠷᠡᠭᠯᠡᠭᠡ ᠶᠢ ᠠᠬᠢᠭᠤᠯᠤᠨ᠎ᠠ᠃ ᠬᠡᠷᠡᠭᠯᠡᠭᠡᠨ ᠤ ᠲᠠᠯᠳᠠ ᠬᠦᠴᠦᠨ ᠢ ᠲᠦᠷᠭᠡᠪᠴᠢᠯᠡᠨ ᠪᠠᠳᠠᠷᠠᠭᠤᠯᠵᠤ᠂ ᠰᠥᠨᠢ ᠶᠢᠨ ᠠᠵᠤ ᠠᠬᠤᠢ᠂ ᠲᠦᠷᠦᠭᠦᠦ ᠳᠡᠯᠭᠡᠭᠦᠷ ᠤᠨ ᠠᠵᠤ ᠠᠬᠤᠢ᠂ ᠪᠡᠯᠡᠳᠬᠡᠯ ᠠᠪᠳᠠᠷ᠎ᠠ ᠶᠢᠨ ᠠᠵᠤ ᠠᠬᠤᠢ᠂ ᠵᠢᠵᠢᠭ ᠳᠡᠯᠭᠡᠭᠦᠷ ᠵᠢᠵᠢᠭ ᠳᠡᠯᠭᠡᠭᠦᠷ ᠵᠡᠷᠭᠡ ᠣᠨᠴᠠᠯᠢᠭᠲᠤ ᠡᠵᠡᠩᠨᠡᠯᠲᠡ ᠶᠢ ᠵᠣᠷᠢᠭᠵᠢᠭᠤᠯᠤᠨ ᠬᠥᠭᠵᠢᠭᠦᠯᠵᠦ᠂ ᠬᠠᠭᠤᠴᠢᠨ ᠶᠠᠭᠤᠮᠠᠰ ᠤᠨ ᠵᠠᠬ᠎ᠠ ᠳᠡᠯᠭᠡᠭᠦᠷ ᠢ ᠵᠣᠬᠢᠰᠲᠠᠢ ᠪᠠᠷ ᠬᠥᠭᠵᠢᠭᠦᠯᠦᠨ᠂ ᠵᠢᠵᠢᠭ ᠳᠡᠯᠭᠡᠭᠦᠷ ᠤᠨ ᠡᠵᠡᠩᠨᠡᠯᠲᠡ ᠶᠢᠨ ᠣᠷᠣᠨ ᠪᠦᠰᠡ ᠶᠢ ᠵᠦᠢ ᠵᠣᠬᠢᠰᠲᠠᠢ ᠪᠠᠷ ᠵᠠᠭᠠᠭᠯᠠᠨ ᠲᠣᠭᠲᠠᠭᠠᠵᠤ᠂ ᠵᠥᠭᠡᠯᠡᠨ ᠴᠢᠨᠠᠷᠲᠠᠢ ᠬᠢᠨᠠᠨ ᠬᠠᠮᠢᠶᠠᠷᠬᠤ ᠦᠢᠯᠡᠴᠢᠯᠡᠭᠡ ᠶᠢ ᠶᠠᠪᠤᠭᠤᠯᠵᠤ᠂ ᠵᠠᠬ᠎ᠠ ᠳᠡᠯᠭᠡᠭᠦᠷ ᠢ ᠬᠥᠭᠵᠢᠭᠡᠨ ᠲᠠᠢ ᠪᠣᠯᠭᠠᠨ᠎ᠠ᠃ ᠪᠣᠷᠣᠯᠠᠭᠤᠯᠬᠤ ᠠᠷᠭ᠎ᠠ ᠵᠠᠮ ᠢ ᠶᠡᠭᠡ ᠪᠠᠷ ᠥᠷᠭᠡᠳᠬᠡᠵᠦ᠂ ᠡᠯ᠎ᠡ ᠰᠢᠶᠠᠩ ᠪᠠᠯᠭᠠᠰᠤᠨ ᠤ ᠲᠠᠷᠢᠶᠠᠯᠠᠩ ᠤᠨ ᠪᠦᠲᠦᠭᠡᠭᠳᠡᠬᠦᠨ ᠢ ᠶᠡᠭᠡ ᠪᠠᠷ ᠴᠤᠭᠯᠠᠭᠤᠯᠬᠤ ᠶᠢ ᠳᠡᠮᠵᠢᠵᠦ᠂ ᠭᠤᠣᠯ ᠪᠣᠯᠬᠤ ᠡᠯᠧᠺᠲᠷᠣᠨ ᠬᠤᠳᠠᠯᠳᠤᠭᠠᠨ ᠤ ᠲᠠᠪᠴᠠᠩ᠂ ᠲᠣᠮᠣ ᠬᠡᠯᠪᠡᠷᠢ ᠶᠢᠨ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠡᠳᠦ ᠳᠡᠯᠭᠡᠭᠦᠷ᠂ ᠬᠤᠳᠠᠯᠳᠤᠨ ᠠᠪᠬᠤ ᠬᠤᠳᠠᠯᠳᠤᠭᠠᠴᠢᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠡᠷᠡᠭᠯᠡᠭᠡ ᠶᠢ ᠣᠯᠠᠰᠢᠷᠠᠭᠤᠯᠤᠨ᠎ᠠ᠃    ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠠᠷᠠᠯᠵᠢᠶ᠎ᠠ ᠬᠤᠳᠠᠯᠳᠤᠭ᠎ᠠ ᠶᠢ ᠲᠣᠭᠲᠠᠪᠤᠷᠢᠵᠢᠭᠤᠯᠤᠨ᠎ᠠ᠃ ᠠᠷᠠᠯᠵᠢᠶ᠎ᠠ ᠬᠤᠳᠠᠯᠳᠤᠭ᠎ᠠ ᠶᠢ ᠴᠡᠴᠡᠭᠯᠡᠭᠦᠯᠦᠨ ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠯᠢ ᠭᠤᠣᠯ ᠪᠠᠯᠭᠠᠰᠤ᠂ ᠳ᠋ᠠ ᠶᠠᠩ ᠱᠣ ᠪᠠᠯᠭᠠᠰᠤ ᠶᠢᠨ ᠬᠤᠲᠠ ᠶᠢᠨ ᠲᠣᠭᠤᠷᠢᠭ ᠤᠨ ᠬᠡᠷᠡᠭᠯᠡᠭᠡᠨ ᠤ ᠲᠥᠪ ᠢ ᠪᠠᠶᠢᠭᠤᠯᠵᠤ᠂ 4 ᠥᠨᠳᠥᠷ ᠶᠠᠰᠤ ᠴᠢᠨᠠᠷ ᠲᠠᠢ ᠬᠤᠳᠠᠯᠳᠤᠭᠠᠨ ᠤ ᠵᠡᠭᠡᠯᠢ ᠲᠣᠭᠤᠷᠢᠭ ᠢ ᠪᠣᠶᠢᠵᠢᠭᠤᠯᠤᠨ ᠲᠡᠭᠦᠯᠳᠡᠷᠵᠢᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠡᠷᠡᠭᠯᠡᠭᠡᠨ ᠤ ᠲᠡᠮᠳᠡᠭᠲᠦ ᠵᠡᠷᠭᠡ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ᠳᠦᠷᠢᠮ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯᠲᠡᠢ ᠲᠤᠰᠢᠶᠠᠬᠤ ᠵᠠᠮ ᠱᠤᠭᠤᠮ ᠢ ᠬᠠᠶᠢᠨ ᠰᠦᠪᠡᠭᠴᠢᠯᠡᠵᠦ᠂ ᠭᠤᠷᠪᠠ ᠶᠢ ᠨᠢᠭᠡ ᠴᠣᠭᠴᠠᠵᠢᠭᠤᠯᠤᠨ ᠪᠣᠶᠢᠵᠢᠭᠤᠯᠬᠤ ᠶᠢ ᠬᠥᠲᠥᠯᠥᠨ ᠵᠢᠯᠤᠭᠤᠳᠴᠤ ᠲᠡᠳᠬᠦᠨ ᠳᠡᠮᠵᠢᠵᠦ᠂ ᠵᠢᠵᠢᠭᠯᠡᠨ ᠬᠤᠳᠠᠯᠳᠤᠬᠤ ᠦᠢᠯᠡᠰ᠂ ᠢᠳᠡᠭᠡᠨ ᠤᠮᠳᠠᠭᠠᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠥᠷᠲᠡᠭᠡ ᠶᠢᠨ ᠬᠠᠮᠢᠶᠠᠷᠤᠯᠲᠠ ᠡᠵᠡᠩᠨᠡᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ︵ᠭᠤᠷᠪᠠ︶ ᠤᠷᠢᠳ ᠢᠶᠠᠷ ᠬᠢᠬᠦ ᠪᠠᠷ ᠲᠡᠷᠢᠭᠦᠨ ᠤ ᠬᠢ ᠶᠢ ᠲᠡᠮᠡᠴᠡᠨ ᠣᠯᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠨ᠎ᠡ    ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ︽ᠪᠡᠷᠬᠡ ᠰᠡᠳᠦᠪ ᠢ ᠰᠢᠢᠳᠪᠦᠷᠢᠯᠡᠬᠦ ᠲᠠᠶᠢᠨ︾ ᠢ ᠰᠠᠶᠢᠲᠤᠷ ᠬᠢᠨ᠎ᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠬᠦᠴᠦᠲᠡᠢ ᠪᠠᠲᠤᠯᠠᠨ᠎ᠠ᠃ ᠰᠢᠨ᠎ᠡ ᠨᠢᠭᠡᠨ ᠡᠭᠡᠯᠵᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠴᠠᠯᠢᠩ ᠬᠥᠯᠥᠰᠦ ᠶᠢᠨ ᠤᠷᠮᠠᠰᠢᠭᠤᠯᠵᠤ ᠰᠢᠯᠭᠠᠨ ᠦᠨᠡᠯᠡᠬᠦ᠂ ᠠᠵᠤ ᠠᠬᠤᠶᠢᠯᠠᠯ ᠤᠨ ᠳᠣᠲᠣᠭᠠᠳᠤ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷᠴᠢᠯᠡᠨ ᠡᠵᠡᠩᠨᠡᠬᠦ ᠴᠢᠳᠠᠪᠤᠷᠢ ᠶᠢ ᠨᠡᠮᠡᠭᠳᠡᠭᠦᠯᠵᠦ᠂ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ᠂ ᠲᠠᠷᠢᠶᠠᠯᠠᠩ ᠤᠨ ᠪᠡᠯᠡ ᠣᠷᠣᠭᠤᠯᠤᠯᠲᠠ᠂ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠡᠵᠡᠩᠨᠡᠯᠲᠡ ᠶᠢᠨ ᠣᠷᠣᠯᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ ᠲᠦᠷᠭᠡᠳᠬᠡᠬᠦ ᠪᠠᠷ ᠴᠢᠷᠮᠠᠶᠢᠨ᠎ᠠ᠃ ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠴᠢᠷᠮᠠᠶᠢᠨ ᠡᠭᠦᠳᠴᠦ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠵᠠᠭᠤᠴᠢ ᠭᠠᠭᠴᠠᠭᠠᠷ ᠡᠵᠡᠮᠰᠢᠯᠲᠦ ᠡᠵᠡᠩᠨᠡᠯᠲᠡ ᠵᠡᠷᠭᠡ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠡᠭᠴᠡᠯᠡᠨ ᠵᠠᠰᠠᠵᠤ᠂ ︽ᠨᠡᠶᠢᠯᠡᠭᠦᠯᠦᠨ ᠬᠢᠨᠠᠨ ᠪᠠᠶᠢᠴᠠᠭᠠᠬᠤ᠂ ᠳᠤᠲᠠᠭᠤ ᠶᠢ ᠠᠭᠤᠴᠢᠯᠠᠨ ᠰᠢᠢᠳᠪᠦᠷᠢᠯᠡᠬᠦ︾ ︽ᠭᠠᠵᠠᠷ ᠰᠢᠷᠣᠢ ᠠᠳᠬᠤᠪᠠᠯ ᠳᠠᠷᠤᠢ ᠠᠵᠢᠯ ᠡᠬᠢᠯᠡᠭᠦᠯᠬᠦ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠥᠷᠭᠡᠳᠬᠡᠨ ᠬᠡᠷᠡᠭᠯᠡᠵᠦ᠂ ᠪᠥᠬᠦ ᠶᠠᠪᠤᠴᠠ ᠶᠢᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠳᠠᠬᠢᠨ 5 ᠠᠵᠢᠯ ᠤᠨ ᠡᠳᠦᠷ ᠠᠴᠠ ᠳᠡᠭᠡᠭᠰᠢ ᠪᠠᠭᠠᠰᠬᠠᠵᠤ᠂ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠤ ᠢᠲᠡᠭᠡᠯ ᠲᠠᠢ᠂ ᠪᠡᠯᠡ ᠣᠷᠣᠭᠤᠯᠤᠯᠲᠠ ᠳᠤ ᠰᠠᠨᠠᠭ᠎ᠠ ᠠᠮᠤᠷ᠂ ᠬᠥᠭᠵᠢᠯᠲᠡ ᠳᠤ ᠨᠠᠩ ᠰᠠᠨᠠᠭ᠎ᠠ ᠠᠮᠤᠷ ᠪᠣᠯᠭᠠᠨ᠎ᠠ᠃ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ᠂ ᠵᠠᠭᠠᠯᠳᠤᠭᠰᠠᠨ ᠦᠭᠡᠢ ᠪᠠᠶᠢᠪᠠᠯ ᠤᠷᠢᠳ ᠢᠶᠠᠷ ᠰᠢᠢᠳᠪᠦᠷᠢᠯᠡᠬᠦ ᠶᠢ ᠪᠠᠷᠢᠮᠲᠠᠯᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠡᠷᠤᠭᠡ ᠶᠢᠨ ᠠᠵᠢᠯᠴᠢᠨ ᠳᠤ ᠲᠦᠬᠦᠮ ᠦᠵᠡᠭᠦᠯᠬᠦ ᠬᠠᠭᠤᠳᠠᠰᠤ ᠶᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠭᠦᠢᠴᠡᠳᠬᠡᠵᠦ᠂ ︽ᠭᠤᠷᠪᠠᠨ ᠨᠤᠷᠮ᠎ᠠ︾ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠵᠠᠭᠤ ᠶᠢ ᠡᠭᠦᠳᠬᠦ ᠪᠠᠷ ᠴᠢᠷᠮᠠᠶᠢᠪᠠ᠃    ᠭᠠᠳᠠᠭᠠᠳᠤ ᠨᠡᠭᠡᠭᠡᠯᠲᠡ ᠶᠢᠨ ︽ᠶᠡᠭᠡ ᠵᠠᠮ︾ ᠢ ᠨᠡᠪᠲᠡᠷᠡᠭᠦᠯᠦᠨ᠎ᠡ᠃ ᠭᠠᠳᠠᠭᠰᠢ ᠭᠠᠷᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠰᠠᠶᠢᠨ ᠦᠢᠯᠡᠳᠬᠦᠨ᠂ ᠰᠠᠶᠢᠨ ᠦᠢᠯᠡᠴᠢᠯᠡᠭᠡ ᠬᠠᠩᠭᠠᠵᠤ᠂ ᠪᠣᠬᠢᠷᠲᠤᠯ ᠦᠭᠡᠢ ᠴᠢᠨᠠᠷ ᠰᠠᠶᠢᠲᠠᠢ ᠰᠢᠨ᠎ᠡ ᠶᠢ ᠡᠭᠦᠳᠬᠦ ᠬᠥᠭᠵᠢᠯᠲᠡ ᠶᠢᠨ︽ᠨᠢᠰᠬᠦ ᠭᠠᠵᠠᠷ ᠤᠨ ᠠᠵᠤ ᠠᠬᠤᠢ︾ ᠶᠢᠨ ᠦᠯᠢᠭᠡᠷ ᠳᠠᠭᠤᠷᠢᠶᠠᠯ ᠢ ᠪᠦᠬᠦ ᠬᠦᠴᠦᠨ ᠢᠶᠠᠷ ᠢᠶᠠᠨ ᠡᠭᠦᠳᠴᠦ᠂ ᠲᠠᠰᠤᠷᠠᠯᠳᠡ ᠦᠭᠡᠢ ᠬᠡᠯᠬᠢᠶ᠎ᠡ ᠶᠢ ᠴᠢᠩᠭᠠᠳᠬᠠᠨ ᠬᠡᠯᠬᠢᠶ᠎ᠡ ᠶᠢ ᠨᠥᠬᠦᠪᠦᠷᠢᠯᠡᠵᠦ᠂ ᠬᠥᠭᠵᠢᠯᠲᠡ ᠶᠢᠨ ᠰᠢᠨ᠎ᠡ ᠥᠨᠳᠦᠷᠯᠢᠭ ᠲᠤ ᠭᠠᠷᠬᠤ ᠬᠡᠷᠡᠭᠲᠡᠢ᠃ ᠣᠷᠣᠭᠤᠯᠵᠤ ᠠᠪᠴᠢᠷᠠᠬᠤ ᠶᠢ ᠪᠠᠷᠢᠮᠲᠠᠯᠠᠵᠤ᠂ ᠳᠣᠲᠣᠭᠠᠳᠤ ᠭᠠᠳᠠᠭᠠᠳᠤ ᠪᠡᠯᠡ ᠶᠢ ᠨᠢᠭᠡᠳᠦᠯᠲᠡᠢ ᠪᠠᠶᠢᠯᠭᠠᠬᠤ ᠵᠠᠷᠴᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠬᠤᠳᠠᠯᠳᠤᠭᠠᠴᠢᠨ ᠤ ᠬᠠᠮᠲᠤᠷᠠᠯᠴᠠᠭᠠᠨ ᠤ ᠰᠢᠪᠲᠤᠯᠤᠯᠲᠠ ᠶᠢᠨ ᠴᠡᠭ ᠢ ᠪᠦᠬᠦ ᠬᠦᠴᠦᠨ ᠢᠶᠠᠷ ᠢᠶᠠᠨ ᠣᠨᠣᠪᠴᠢᠲᠠᠶ ᠡᠷᠢᠨ ᠣᠯᠵᠤ᠂ ᠭᠠᠳᠠᠭᠠᠳᠤ ᠪᠡᠯᠡ ᠶᠢᠨ ᠬᠠᠮᠲᠤᠷᠠᠯᠴᠠᠭᠠᠨ ᠤ ᠠᠰᠠᠭᠤᠳᠠᠯ ᠢ ᠰᠢᠢᠳᠪᠦᠷᠢᠯᠡᠬᠦ ᠶᠢ ᠪᠡᠶᠡᠯᠡᠭᠦᠯᠵᠦ᠂ ᠨᠡᠩ ᠤᠯᠠᠨ ᠨᠠᠶᠢᠵᠢ ᠶᠢᠨ ᠲᠣᠭᠤᠷᠢᠭ ᠢ ᠥᠷᠭᠡᠳᠬᠡᠨ᠎ᠡ᠃ ᠬᠠᠮᠲᠤ ᠪᠠᠷ ᠠᠰᠢᠭ ᠭᠥᠷᠳᠡᠬᠦ ᠶᠢ ᠪᠠᠷᠢᠮᠲᠠᠯᠠᠵᠤ᠂ ᠪᠠᠷᠠᠭᠤᠨ ᠬᠤᠲᠠ ᠲᠣᠭᠤᠷᠢᠭ᠂ ᠶᠡᠭᠡ ᠬᠢᠩᠭᠠᠨ ᠳᠠᠪᠠᠭ᠎ᠠ ᠶᠢᠨ ᠭᠠᠵᠠᠷ ᠣᠷᠣᠨ᠂ ᠡᠷᠬᠢᠨ ᠲᠣᠭᠤᠷᠢᠨ ᠤ ᠬᠤᠰᠢᠭᠤ ᠬᠤᠲᠠ᠂ ᠣᠶ ᠰᠢᠭᠤᠢ ᠶᠢᠨ ᠠᠵᠤ ᠦᠢᠯᠡᠳᠪᠦᠷᠢ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠲᠠᠷᠢᠶᠠᠯᠠᠩ ᠠᠵᠤ ᠦᠢᠯᠡᠳᠪᠦᠷᠢ ᠬᠤᠳᠠᠯᠳᠤᠭ᠎ᠠ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ᠂ ᠨᠢᠭᠡᠴᠡ ᠯᠦᠭᠡ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ︽ᠠᠶᠠᠨᠴᠢᠳ ᠢ ᠬᠤᠰᠢᠭᠤᠨ ᠳᠤ ᠲᠡᠳᠡᠨ ᠣᠷᠣᠭᠤᠯᠬᠤ︾ ᠶᠢ ᠴᠢᠩᠭᠠᠳᠬᠠᠨ᠂ ᠠᠵᠤ ᠦᠢᠯᠡᠰ ᠢ ᠬᠥᠭᠵᠢᠭᠦᠯᠬᠦ᠂ ᠬᠡᠷᠡᠭᠯᠡᠭᠡ ᠶᠢ ᠬᠠᠷᠢᠯᠴᠠᠨ ᠠᠬᠢᠭᠤᠯᠬᠤ᠂ ᠵᠢᠭᠤᠯᠴᠢᠯᠠᠭᠴᠢᠳ ᠢ ᠬᠠᠷᠢᠯᠴᠠᠨ ᠬᠦᠷᠭᠡᠬᠦ ᠲᠠᠯ᠎ᠠ ᠪᠠᠷ ᠬᠠᠮᠲᠤ ᠪᠠᠷ ᠨᠠᠩ ᠶᠡᠭᠡ ᠠᠬᠢᠴᠠ ᠲᠠᠢ ᠪᠣᠯᠭᠠᠵᠤ᠂ ᠵᠠᠬ᠎ᠠ ᠳᠡᠯᠭᠡᠭᠦᠷ ᠢ ᠬᠠᠮᠲᠤ ᠪᠠᠷ ᠪᠠᠶᠢᠭᠤᠯᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠶᠢ ᠪᠡᠶᠡᠯᠡᠭᠦᠯᠵᠦ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠭᠯᠠᠨ᠎ᠠ᠃    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠵᠥᠭᠡᠯᠡᠨ ᠪᠣᠳᠠᠲᠤ ᠬᠦᠴᠦᠨ︾ ᠢ ᠳᠡᠭᠡᠭᠰᠢᠯᠡᠭᠦᠯᠦᠨ᠎ᠡ᠃ ᠥᠨᠳᠥᠷ ᠦᠷ᠎ᠡ ᠪᠦᠲᠦᠮᠵᠢ ᠲᠠᠢ ᠪᠠᠷ ᠤᠯᠠᠷᠢᠭᠤᠯᠬᠤ ᠰᠢᠰᠲ᠋ᠧᠮᠵᠢ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠠᠵᠤ ᠠᠬᠤᠶᠢᠯᠠᠯ ᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ︽ᠵᠠᠷᠯᠠᠨ ᠮᠠᠩᠯᠠᠶᠢᠯᠠᠭᠤᠯᠬᠤ︾ ᠶᠢ ᠬᠡᠷᠡᠭᠵᠢᠭᠦᠯᠦᠨ᠂ ᠲᠠᠷᠢᠶᠠᠯᠠᠩ ᠤᠨ ᠣᠨᠴᠣᠭᠤᠢ ᠠᠵᠤ ᠦᠢᠯᠡᠰ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠰᠢᠷ᠎ᠠ ᠪᠤᠷᠴᠠᠭ ᠤᠨ ᠰᠠᠶᠢᠨ ᠡᠭᠦᠯᠳᠡᠷ ᠢ ᠰᠤᠳᠤᠯᠤᠨ ᠨᠡᠭᠡᠭᠡᠬᠦ᠂ ᠠᠭᠤᠷᠬᠠᠢ ᠶᠢᠨ ᠭᠠᠷᠤᠯᠲᠠ ᠶᠢᠨ ᠪᠣᠬᠢᠷᠲᠤᠯ ᠦᠭᠡᠢ ᠨᠡᠭᠡᠭᠡᠨ ᠬᠥᠭᠵᠢᠭᠦᠯᠬᠦ ᠠᠬᠢᠴᠠ ᠶᠢ ᠲᠦᠷᠭᠡᠳᠬᠡᠵᠦ᠂ ᠦᠷ᠎ᠡ ᠪᠦᠲᠦᠭᠡᠯ ᠢ ᠤᠯᠠᠷᠢᠭᠤᠯᠬᠤ ᠶᠢᠨ ᠠᠰᠢᠭ ᠲᠤᠰᠠ ᠶᠢ ᠬᠠᠮᠲᠤᠪᠠᠷ ᠡᠳ᠋ᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢ ᠳᠠᠶᠢᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ 3  ᠠᠴᠠ ᠳᠡᠭᠡᠭᠰᠢ ᠪᠣᠶ ᠪᠣᠯᠭᠠᠨ᠎ᠠ︔ ᠰᠢᠨ᠎ᠡ ᠶᠢ ᠡᠭᠦᠳᠬᠦ ᠡᠬᠢ ᠪᠠᠶᠠᠯᠢᠭ ᠢ ᠲᠦᠷᠭᠡᠳᠬᠡᠨ ᠬᠤᠷᠠᠮᠳᠤᠭᠤᠯᠵᠤ᠂ ᠨᠠᠩ ᠣᠯᠠᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠥᠷᠭᠡᠳᠬᠡᠨ᠂ ᠣᠨᠳᠣᠣ ᠭᠠᠵᠠᠷ ᠲᠤ ᠨᠡᠪᠴᠢᠭᠦᠯᠬᠦ ᠠᠬᠢᠴᠠ ᠶᠢ ᠲᠦᠷᠭᠡᠳᠬᠡᠨ᠎ᠡ᠃ ᠳᠡᠭᠡᠳᠦ ᠶᠠᠰᠤ ᠴᠢᠨᠠᠷ ᠲᠠᠢ ᠴᠢᠳᠠᠪᠤᠷᠢᠲᠠᠨ ᠤ ᠠᠮᠢ ᠠᠬᠤᠢ ᠶᠢ ᠪᠤᠢ ᠪᠣᠯᠭᠠᠵᠤ᠂ ᠳᠠᠳᠠᠨ ᠬᠥᠮᠥᠵᠢᠭᠦᠯᠬᠦ ᠪᠠ ᠦᠯᠡᠳᠡᠭᠡᠨ ᠬᠡᠷᠡᠭᠯᠡᠬᠦ ᠲᠠᠯ᠎ᠠ ᠪᠠᠷ ᠪᠦᠬᠦ ᠲᠠᠯ᠎ᠠ ᠪᠠᠷ ᠬᠦᠴᠦᠯᠡᠵᠦ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠦᠷᠳᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠳᠣᠰ ᠲᠤ ᠢᠷᠡᠭᠰᠡᠨ ᠴᠢᠳᠠᠪᠤᠷᠢᠲᠠᠨ ᠤ ᠣᠷᠣᠨ ᠰᠠᠭᠤᠴᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠷᠡᠭᠴᠡᠭᠡ ᠶᠢ ᠪᠠᠲᠤᠯᠠᠵᠤ᠂ ᠴᠢᠳᠠᠪᠤᠷᠢᠲᠠᠨ ᠢ ᠳᠠᠳᠠᠨ ᠣᠷᠣᠭᠤᠯᠵᠤ ᠳᠡᠶᠢᠯᠬᠦ᠂ ᠦᠯᠡᠳᠡᠭᠡᠵᠦ ᠳᠡᠶᠢᠯᠬᠦ ᠶᠢ ᠪᠠᠲᠤᠯᠠᠨ᠎ᠠ᠃ ᠳᠤᠮᠳᠠᠳᠤ ᠤᠯᠤᠰ ᠟ᠣᠨ ᠲᠠᠷᠢᠶᠠᠯᠠᠩ ᠟ᠣᠨ ᠶᠡᠭᠡ ᠰᠤᠷᠭᠠᠭᠤᠯᠢ ᠶᠢᠨ ᠲᠠᠷᠢᠶᠠᠯᠠᠩ  ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠯᠤᠭ᠎ᠠ ᠶᠢᠨ ᠬᠤᠷᠰᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ︽ᠤᠷᠲᠤᠪᠲᠤᠷ ᠪᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠳᠠᠪᠤᠷᠢᠵᠢᠭᠤᠯᠵᠤ᠂ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠶᠢ ᠰᠠᠶᠢᠲᠤᠷ ᠬᠢᠵᠦ᠂ ᠥᠷᠭᠡᠨ ᠣᠯᠠᠨ ᠵᠠᠯᠠᠭᠤᠴᠤᠳ ᠢ ᠬᠥᠲᠥᠯᠥᠨ ᠵᠢᠯᠤᠭᠤᠳᠴᠤ ᠪᠠᠶᠢᠭᠠᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠪᠡᠶᠡᠯᠡᠭᠦᠯᠬᠦ ᠳᠤ ᠵᠠᠯᠠᠭᠤ ᠨᠠᠰᠤᠨ ᠤ ᠬᠤᠪᠢ ᠨᠡᠮᠡᠷᠢ ᠦᠵᠡᠭᠦᠯᠦᠨ᠎ᠡ᠃ 
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ