︵ᠳᠥᠷᠪᠡ︶ ᠶᠠᠰᠤ ᠴᠢᠨᠠᠷ ᠢᠶᠠᠷ ᠴᠢᠨᠠᠷ ᠳᠡᠰ ᠢ ᠳᠡᠭᠡᠭᠰᠢᠯᠡᠭᠦᠯᠵᠦ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ | ᠲᠠᠯ᠎ᠠ ᠪᠠᠷ ᠦᠷᠭᠦᠯᠵᠢᠯᠡᠨ ᠬᠦᠴᠦᠯᠡᠨ᠎ᠡ | ᠬᠤᠲᠠ ᠪᠠᠯᠭᠠᠰᠤᠨ ᠤ ᠵᠡᠷᠭᠡ ᠳᠡᠰ ᠢ ᠳᠡᠭᠡᠭᠰᠢᠯᠡᠭᠦᠯᠦᠨ᠎ᠡ᠃ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠡᠮᠵᠢᠶ᠎ᠡ ᠶᠢ ᠬᠦᠴᠦᠯᠡᠨ ᠪᠣᠶ ᠪᠣᠯᠭᠠᠵᠤ᠂ | ᠯᠢᠩ ᠱᠠᠩ ᠬᠤᠸᠠ ᠶᠤᠸᠠᠨ ᠠ ᠯᠢ ᠾᠧ ᠭᠤᠣᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠭᠤᠴᠢᠨ ᠵᠢᠵᠢᠭ ᠲᠣᠭᠤᠷᠢᠭ ᠤᠨ | ᠥᠭᠡᠷᠡᠴᠢᠯᠡᠯᠲᠡ ᠶᠢ ᠪᠡᠶᠡᠯᠡᠭᠦᠯᠦᠨ᠂ 200 ᠡᠷᠦᠬᠡ ᠶᠢᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠵᠤ᠂ ᠲᠣᠪᠠ ᠰᠢᠶᠡᠨᠪᠢ | ᠵᠠᠮ᠂ ᠰᠢᠶᠠᠩ ᠶᠠᠩ ᠵᠡᠭᠡᠯᠢ ᠵᠡᠷᠭᠡ 8 ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠵᠠᠰᠠᠯᠲᠠ ᠶᠢ ᠪᠣᠰᠤᠭ᠎ᠠ ᠴᠣᠭᠴᠠᠵᠢᠭᠤᠯᠤᠨ ᠠᠬᠢᠭᠤᠯᠵᠤ᠂ ᠣᠷᠣᠰᠢᠨ | ᠰᠠᠭᠤᠬᠤ ᠳᠤ ᠲᠣᠬᠢᠷᠠᠮᠵᠢᠲᠠᠢ ᠴᠢᠨᠠᠷ ᠴᠢᠨᠰᠠᠭ᠎ᠠ ᠲᠠᠢ ᠵᠢᠵᠢᠭ ᠪᠠᠯᠭᠠᠰᠤ ᠶᠢ ᠪᠠᠶᠢᠭᠤᠯᠤᠨ᠎ᠠ︔ ᠳ᠋ᠠ ᠶᠠᠩ ᠱᠣ ᠪᠠᠯᠭᠠᠰᠤᠨ ᠤ ᠤᠯᠤᠰ ᠤᠨ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ︽ᠳᠥᠷᠪᠡᠨ ᠣᠷᠣᠨ︾ ᠢ | ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠡᠶᠡᠯᠡᠭᠦᠯᠦᠨ᠎ᠡ᠃ ᠵᠠᠮ ᠤᠨ ᠲᠣᠣᠷ ᠤᠨ ᠪᠢᠴᠢᠯ ᠡᠷᠭᠢᠯᠲᠡ ᠶᠢ ᠬᠦᠴᠦᠯᠡᠨ ᠨᠠᠪᠲᠠᠷᠡᠭᠦᠯᠵᠦ᠂ ᠳ᠋ᠠ ᠶᠠᠩ ᠱᠣ ᠪᠠᠯᠭᠠᠰᠤᠨ ᠤ | ᠬᠤᠲᠠ ᠶᠢᠨ ᠶᠠᠪᠤᠳᠠᠯ ᠤᠨ ᠵᠠᠮ ᠤᠨ ᠲᠥᠷᠥᠯ ᠵᠦᠢᠯ ᠢ ᠥᠭᠡᠷᠡᠴᠢᠯᠡᠬᠦ ᠵᠡᠷᠭᠡ ᠢᠨᠵᠧᠨᠧᠷᠢᠩ ᠢ ᠡᠮᠬᠢ ᠵᠢᠷᠤᠮ ᠲᠠᠢ ᠬᠡᠷᠡᠭᠵᠢᠭᠦᠯᠵᠦ᠂ 21 ᠵᠤᠷᠪᠤᠰ ᠬᠤᠲᠠ | ᠪᠠᠯᠭᠠᠰᠤ ᠶᠢᠨ ᠵᠠᠮ ᠢ ᠰᠡᠯᠪᠢᠨ ᠵᠠᠰᠠᠵᠤ᠂ 30.1 ᠲᠦᠮᠡᠨ ᠲᠡᠭᠰᠢ ᠳᠥᠷᠪᠡᠯᠵᠢᠨ ᠮᠧᠲᠷ ᠡᠪᠳᠡᠷᠡᠵᠦ ᠰᠦᠢᠳᠦᠭᠰᠡᠨ ᠵᠠᠮ ᠢ ᠰᠡᠯᠪᠢᠨ ᠵᠠᠰᠠᠵᠤ᠂ 38 ᠮᠤᠬᠤᠷ ᠵᠠᠮ᠂ | T ᠬᠡᠯᠪᠡᠷᠢᠲᠦ ᠵᠠᠮ ᠢ ᠰᠢᠢᠳᠪᠦᠷᠢᠯᠡᠵᠦ᠂ ᠠᠮᠢᠳᠤᠷᠠᠯ ᠤᠨ ᠣᠷᠣᠨ ᠵᠠᠢ ᠶᠢ ᠨᠠᠩ ᠲᠠᠭᠠᠯᠠᠮᠵᠢᠲᠠᠢ ᠪᠣᠯᠭᠠᠪᠠ᠃ ᠴᠠᠬᠢᠯᠭᠠᠨ ᠲᠣᠣᠷ ᠤᠨ ᠰᠢᠨ᠎ᠡ ᠲᠦᠪᠰᠢᠨ ᠢ | ᠬᠦᠴᠦᠯᠡᠨ ᠳᠡᠭᠡᠭᠰᠢᠯᠡᠭᠦᠯᠵᠦ᠂ 4G ᠶᠢᠨ ᠰᠠᠭᠤᠷᠢ ᠦᠷᠳᠡᠭᠡ ᠶᠢ 35᠂ 5G ᠶᠢᠨ ᠰᠠᠭᠤᠷᠢ ᠦᠷᠳᠡᠭᠡ ᠶᠢ 28 ᠰᠢᠨ᠎ᠡ ᠪᠠᠷ ᠪᠠᠶᠢᠭᠤᠯᠵᠤ᠂ ᠭᠤᠣᠯᠳᠠᠯᠭ᠎ᠠ ᠲᠠᠢ | ᠣᠷᠣᠨ ᠪᠦᠰᠡ ᠶᠢᠨ 4G+5G+wifi ᠶᠢᠨ ᠤᠲᠠᠰᠤ ᠦᠭᠡᠢ ᠰᠦᠯᠵᠢᠶ᠎ᠡ ᠶᠢ ᠵᠠᠯᠭᠠᠯᠳᠤᠭ᠎ᠠ ᠪᠠᠷ ᠪᠦᠷᠬᠦᠭᠦᠯᠬᠦ ᠶᠢ ᠪᠡᠶᠡᠯᠡᠭᠦᠯᠵᠦ᠂ ᠨᠡᠶᠢᠲᠡᠯᠢᠭ ᠡᠭᠴᠡ ᠠᠵᠢᠯ | ᠲᠦᠷᠦᠯ ᠤᠨ 5G ᠶᠢᠨ ᠰᠦᠯᠵᠢᠶᠡᠨ ᠤ ᠬᠤᠳᠠᠯᠳᠤᠭᠠᠨ ᠤ ᠬᠡᠷᠡᠭᠯᠡᠭᠡᠨ ᠤ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠨ᠎ᠠ; ᠴᠠᠬᠢᠯᠭᠠᠨ ᠲᠣᠣᠷ ᠤᠨ ᠰᠢᠨ᠎ᠡ ᠪᠠᠷ | ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ 11 ᠵᠦᠢᠯᠡᠰ ᠢ ᠬᠡᠷᠡᠭᠵᠢᠭᠦᠯᠵᠦ᠂ ᠥᠨᠳᠥᠷ ᠳᠣᠣᠷ᠎ᠠ ᠬᠦᠴᠦᠳᠡᠯᠲᠦ ᠴᠠᠬᠢᠯᠭᠠᠨ ᠱᠤᠭᠤᠮ ᠢ 92.72 ᠺᠢᠯᠣᠮᠧᠲᠷ | ᠰᠢᠨ᠎ᠡ ᠪᠠᠷ ᠪᠠᠶᠢᠭᠤᠯᠵᠤ᠂ ᠴᠠᠬᠢᠯᠭᠠᠨ ᠬᠠᠩᠭᠠᠯᠭ᠎ᠠ ᠶᠢᠨ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠪᠡ᠃ | ᠬᠤᠳᠠ ᠪᠠᠯᠭᠠᠰᠤᠨ ᠤ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ ᠬᠤᠲᠠ ᠪᠠᠯᠭᠠᠰᠤ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ | ᠠᠮᠢᠳᠤᠷᠠᠯ ᠤᠨ ᠬᠤᠭ ᠨᠣᠪᠰᠢ ᠶᠢ ᠲᠣᠭᠲᠠᠭᠰᠠᠨ ᠴᠠᠭ ᠲᠤ ᠲᠣᠭᠲᠠᠭᠰᠠᠨ ᠴᠡᠭ ᠲᠤ ᠴᠡᠪᠡᠷᠯᠡᠨ ᠲᠡᠭᠡᠭᠡᠪᠦᠷᠢᠯᠡᠬᠦ ᠶᠢ ᠦᠨᠡᠨᠬᠦ ᠪᠠᠲᠤᠯᠠᠵᠤ᠂ ᠪᠠᠶᠢᠭᠤᠯᠤᠭᠰᠠᠨ | ᠲᠣᠭᠤᠷᠢᠭ ᠤᠨ ᠵᠠᠮ ᠤᠨ ᠠᠷᠢᠭᠤᠨ ᠴᠡᠪᠡᠷ ᠤᠨ ᠮᠠᠰᠢᠨᠴᠢᠯᠠᠯᠲᠠ ᠶᠢᠨ ᠨᠣᠷᠮ᠎ᠠ ᠶᠢ 80% ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠵᠠᠮ ᠤᠨ ᠴᠡᠪᠡᠷᠯᠡᠯᠲᠡ ᠶᠢ | ︽ᠳᠣᠯᠤᠭ᠎ᠠ ᠴᠡᠪᠡᠷ ᠵᠢᠷᠭᠤᠭ᠎ᠠ ᠦᠭᠡᠢ︾ ᠳᠤ ᠬᠦᠷᠦᠭᠦᠯᠦᠨ᠎ᠡ᠃ ᠣᠷᠳᠣ ᠬᠤᠭᠤᠴᠠᠭᠠᠨ ᠤ ᠪᠦᠲᠦᠮᠵᠢᠲᠡᠶ ᠶᠡᠷᠦᠩᠬᠡᠶᠢᠯᠡᠭᠰᠡᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ | ᠂ ᠪᠥᠬᠦ ᠬᠤᠰᠢᠭᠤᠨ ᠤ 601 ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠳᠤ ᠲᠡᠷᠭᠡᠨ ᠳᠡᠭᠡᠷᠡᠬᠢ ᠣᠶᠤᠨᠲᠤ ᠦᠵᠦᠭᠦᠷ ᠢ ᠰᠦᠢᠳᠬᠡᠯ ᠬᠤᠷᠢᠶᠠᠬᠤ | ᠦᠭᠡᠢ ᠪᠠᠷ ᠤᠭᠰᠠᠷᠠᠭᠤᠯᠤᠨ᠎ᠠ︔ ︽ᠠᠷᠢᠭᠤᠨ ᠴᠡᠪᠡᠷ᠂ ᠴᠡᠪᠡᠷ ᠲᠡᠭᠰᠢ᠂ ᠡᠮᠬᠢ ᠵᠢᠷᠤᠮ ᠲᠠᠢ︾ ᠶᠢᠨ ᠲᠣᠭᠤᠷᠢᠨ ᠳᠤ᠂ ᠬᠠᠤᠯᠢ ᠲᠣᠭᠲᠠᠭᠠᠯ ᠠᠴᠠ ᠵᠥᠷᠢᠴᠡᠨ | ᠪᠦᠲᠦᠭᠡᠨ ᠪᠠᠶᠢᠭᠤᠯᠬᠤ᠂ ᠣᠯᠠᠨ ᠨᠡᠶᠢᠲᠡ ᠶᠢᠨ ᠣᠷᠣᠨ ᠵᠠᠢ ᠶᠢ ᠡᠵᠡᠯᠡᠨ ᠬᠡᠷᠡᠭᠯᠡᠬᠦ ᠵᠡᠷᠭᠡ ᠠᠰᠠᠭᠤᠳᠠᠯ ᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠡᠮᠬᠢ ᠵᠢᠷᠤᠮ ᠲᠠᠢ ᠠᠬᠢᠭᠤᠯᠤᠨ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ | ᠳᠠᠬᠢᠨ ᠬᠢᠨᠠᠯᠲᠠ ᠶᠢ ᠪᠡᠶᠡᠯᠡᠭᠦᠯᠵᠦ᠂ ᠬᠤᠲᠠ ᠶᠢᠨ ᠳᠦᠷᠰᠦ ᠪᠠᠶᠢᠳᠠᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ᠂ ᠠᠳᠠᠯ ᠬᠤᠲᠠ ᠶᠢᠨ | ᠴᠠᠭᠳᠠᠭ᠎ᠠ ᠶᠢᠨ ︽ᠬᠤᠣᠰ ᠴᠢᠭᠯᠡᠯ ᠢᠶᠠᠷ ᠬᠤᠯᠪᠤᠭᠠᠯᠠᠨ ᠬᠥᠳᠡᠯᠦᠯᠴᠡᠬᠦ︾ ᠶᠢ ᠬᠡᠷᠡᠭᠵᠢᠭᠦᠯᠵᠦ᠂ ︽ᠬᠠᠤᠯᠢ ᠬᠡᠷᠡᠭᠵᠢᠭᠦᠯᠬᠦ ᠪᠣᠯ ᠳᠠᠷᠤᠢ ᠦᠢᠯᠡᠴᠢᠯᠡᠭᠡ ᠮᠥᠨ︾ ᠭᠡᠬᠦ | ᠣᠶᠢᠯᠠᠭᠠᠭᠳᠠᠬᠤᠨ ᠢ ᠪᠠᠷᠢᠮᠲᠠᠯᠠᠨ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠰᠢᠢᠳᠪᠦᠷᠢᠯᠡᠨ᠎ᠡ᠃ | ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠤᠨ᠎ᠠ᠃ ᠲᠡᠰ ᠳᠡᠪᠰᠢᠭᠦᠯᠦᠨ ᠥᠭᠡᠷᠡᠴᠢᠯᠡᠬᠦ ᠶᠢᠨ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠂ ᠠᠯᠢ ᠭᠤᠣᠯ | ᠪᠠᠯᠭᠠᠰᠤ ᠶᠢᠨ ᠢᠯᠴᠢ ᠬᠠᠩᠭᠠᠬᠤ ᠭᠤᠣᠯ ᠬᠠᠮᠢᠶᠠᠷᠤᠯᠲᠠ ᠶᠢᠨ ᠲᠣᠣᠷ᠂ ᠪᠣᠬᠢᠷ ᠤᠰᠤᠨ ᠤ ᠬᠤᠭᠤᠯᠠᠢ ᠶᠢᠨ ᠲᠣᠣᠷ᠂ ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠢ | ᠲᠦᠷᠭᠡᠪᠴᠢᠯᠡᠨ ᠲᠡᠭᠦᠯᠳᠡᠷᠵᠢᠭᠦᠯᠵᠦ᠂ ᠢᠯᠴᠢ ᠬᠠᠩᠭᠠᠬᠤ ᠬᠤᠭᠤᠯᠠᠢ ᠶᠢᠨ ᠲᠣᠣᠷ ᠢ 9745 ᠺᠢᠯᠣᠮᠧᠲᠷ᠂ ᠤᠰᠤ ᠬᠠᠩᠭᠠᠬᠤ ᠬᠤᠭᠤᠯᠠᠢ ᠶᠢᠨ ᠲᠣᠣᠷ ᠢ 5 | ᠺᠢᠯᠣᠮᠧᠲᠷ᠂ ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠢ 55 ᠺᠢᠯᠣᠮᠧᠲᠷ ᠰᠢᠨᠡᠳᠬᠡᠵᠦ᠂ ᠰᠢᠶᠠᠩ ᠪᠠᠯᠭᠠᠰᠤᠨ ᠤ ᠤᠰᠤ ᠬᠠᠩᠭᠠᠬᠤ ᠲᠥᠬᠦᠭᠡᠷᠦᠮᠵᠢ ᠶᠢ | ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠴᠢᠰᠤᠨ ᠰᠤᠳᠠᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠵᠤ | ᠬᠤᠷᠣᠭᠳᠠᠯ ᠢ ᠪᠠᠭᠠᠰᠬᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠠ ᠯᠢ ᠾᠧ ᠪᠠᠯᠭᠠᠰᠤ ᠶᠢᠨ 80 ᠲᠣᠨ ᠭᠦᠸᠧᠯᠦ᠂ ᠳ᠋ᠠ ᠶᠠᠩ ᠱᠣ ᠳ᠋ᠦᠩ ᠤᠨ 23 | ᠢᠯᠴᠢ ᠰᠣᠯᠢᠯᠴᠠᠬᠤ ᠥᠷᠲᠡᠭᠡ ᠶᠢᠨ ᠵᠠᠯᠭᠠᠮᠵᠢ ᠢᠨᠵᠧᠨᠧᠷᠢᠩ ᠢ ᠪᠡᠶᠡᠯᠡᠭᠦᠯᠵᠦ᠂ ᠡᠯ᠎ᠡ ᠰᠢᠶᠠᠩ ᠪᠠᠯᠭᠠᠰᠤ ᠶᠢᠨ ᠢᠯᠴᠢ ᠬᠠᠩᠭᠠᠬᠤ ᠴᠢᠳᠠᠪᠤᠷᠢ ᠶᠢ ᠵᠡᠷᠭᠡᠪᠡᠷ | ᠳᠡᠭᠡᠭᠰᠢᠯᠡᠭᠦᠯᠵᠦ᠂ ᠤᠶᠠᠨ ᠬᠠᠲᠠᠨ ᠴᠢᠨᠠᠷᠲᠠᠢ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠬᠠᠷᠢᠯᠴᠠᠨ ᠨᠡᠪᠲᠡᠷᠡᠯᠴᠡᠵᠦ ᠬᠠᠷᠢᠯᠴᠠᠨ ᠬᠤᠯᠪᠣᠭᠠᠯᠠᠵᠤ | ᠬᠠᠮᠵᠢᠯᠴᠠᠬᠤ ᠶᠢ ᠪᠠᠷᠢᠮᠲᠠᠯᠠᠵᠤ᠂ ᠮᠤᠵᠢ ᠶᠢᠨ ᠵᠠᠮ ᠤᠨ 303 ᠱᠤᠭᠤᠮ ᠤᠨ ᠳ᠋ᠠᠷᠪᠢᠨ ᠨᠠᠭᠤᠷ ᠤᠨ ᠦᠵᠡᠮᠵᠢ ᠶᠢᠨ ᠣᠷᠣᠨ ᠤ ᠪᠠᠷᠠᠭᠤᠨ ᠡᠭᠦᠳᠡ ᠠᠴᠠ ᠰᠢᠷᠳᠡᠴᠢ | ᠬᠦᠷᠬᠦ ᠤᠢ ᠰᠢᠭᠤᠢ ᠶᠢᠨ ᠲᠠᠯᠠᠪᠠᠢ ᠶᠢᠨ ᠬᠡᠰᠡᠭ᠂ ᠬᠦᠯᠢ ᠲᠠᠷᠢᠶᠠᠯᠠᠩ ᠤᠨ ᠲᠠᠯᠠᠪᠠᠢ ᠠᠴᠠ ᠲᠠᠷᠢᠶᠠᠯᠠᠩ ᠤᠨ ᠲᠠᠯᠠᠪᠠᠢ ᠬᠦᠷᠬᠦ ᠳᠥᠷᠪᠡᠳᠦᠭᠡᠷ ᠠᠩᠭᠢ ᠶᠢᠨ ᠵᠠᠰᠠᠮᠠᠯ | ᠵᠠᠮ ᠤᠨ ᠢᠨᠵᠧᠨᠧᠷᠢᠩ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ ᠳᠠᠭᠤᠰᠬᠠᠪᠠ᠃ ᠮᠤᠵᠢ ᠶᠢᠨ ᠵᠠᠮ ᠤᠨ 303 ᠱᠤᠭᠤᠮ ᠤᠨ ᠪᠠᠷᠠᠭᠤᠨ ᠡᠳᠦᠷᠴᠢ ᠣᠶ | ᠰᠢᠭᠤᠢ ᠶᠢᠨ ᠲᠠᠯᠠᠪᠠᠶ ᠶᠢᠨ ᠬᠡᠰᠡᠭ ᠠᠴᠠ ᠧ ᠶᠠ ᠵᠢᠶᠧ ᠬᠦᠷᠬᠦ ᠬᠡᠰᠡᠭ᠂ ᠮᠤᠵᠢ ᠶᠢᠨ ᠵᠠᠮ ᠤᠨ 201 ᠱᠤᠭᠤᠮ ᠤᠨ ᠺᠦᠢ ᠶᠤᠸᠠᠨ ᠣᠶ ᠰᠢᠭᠤᠢ ᠶᠢᠨ ᠲᠠᠯᠠᠪᠠᠶ | ᠠᠴᠠ ᠯᠦᠩ ᠲᠧᠦ ᠺᠠ ᠥᠷᠲᠡᠭᠡ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 8 ᠰᠠᠭᠤᠷᠢ | 148 ᠤᠷᠲᠤᠪᠲᠤᠷ ᠮᠧᠲᠷ ᠤᠨ ᠨᠤᠷᠠᠬᠤ ᠠᠶᠤᠯᠲᠠᠢ ᠬᠥᠭᠦᠷᠭᠡ ᠶᠢ ᠥᠭᠡᠷᠡᠴᠢᠯᠡᠨ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨᠲᠠᠢ | ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠵᠤ᠂ ᠰᠠᠭᠠᠳ ᠦᠭᠡᠢ ᠨᠡᠪᠲᠡᠷᠡᠬᠦ ᠬᠤᠲᠠ ᠶᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠤᠨ᠎ᠠ᠃ | ︵ᠲᠠᠪᠤ︶ ᠡᠷᠡᠰ ᠵᠣᠷᠢᠭ ᠢᠶᠠᠷ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ | ᠦᠷᠭᠦᠯᠵᠢᠯᠡᠨ ᠬᠦᠴᠦᠯᠡᠨ᠎ᠡ | ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠵᠠᠮ᠂ ᠤᠰᠤ ᠬᠠᠩᠭᠠᠬᠤ᠂ ᠡᠨᠧᠷᠭᠢ᠂ ᠣᠷᠣᠨ | ᠰᠠᠭᠤᠴᠠ ᠶᠢᠨ ᠠᠮᠤᠷ ᠲᠦᠪᠰᠢᠨ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ 1100 ᠡᠷᠦᠬᠡ ᠶᠢᠨ | ᠵᠣᠷᠯᠣᠩ ᠢ ᠥᠭᠡᠷᠡᠴᠢᠯᠡᠨ᠂ ᠰᠢᠶᠠᠩ ᠪᠠᠯᠭᠠᠰᠤ ᠨᠢᠭᠡᠪᠦᠷᠢ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ 1-2 | ᠪᠠᠶᠢᠭᠤᠯᠵᠤ᠂ ᠴᠢᠭ᠋ ᠢᠶᠠᠷ ᠨᠡᠶᠢᠳᠡᠮ ᠢ ᠳᠠᠶᠢᠴᠢᠯᠠᠨ ᠥᠷᠭᠡᠨ ᠢᠶᠠᠷ ᠬᠥᠲᠥᠯᠥᠨ ᠳᠠᠭᠠᠭᠤᠯᠤᠨ᠎ᠠ᠃ ᠬᠦᠷᠢᠶ᠎ᠡ ᠬᠠᠰᠢᠶ᠎ᠠ ᠶᠢᠨ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢ ᠵᠣᠷᠢᠭᠵᠢᠭᠤᠯᠤᠨ ᠥᠷᠨᠢᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠠᠶᠢᠵᠢᠷᠠᠯᠲᠠ ᠶᠢ ᠠᠶᠢᠯ ᠲᠣᠰᠬᠤᠨ ᠠᠴᠠ ᠭᠡᠷ ᠪᠦᠯᠢ | ᠳᠠᠰᠢ ᠤᠷᠲᠤᠳᠬᠠᠬᠤ ︽ᠡᠴᠦᠰ ᠤᠨ ᠨᠢᠭᠡ ᠮᠧᠲᠷ︾ ᠢ ᠨᠡᠪᠲᠡᠷᠡᠭᠦᠯᠦᠨ᠂ ᠭᠡᠷ ᠪᠦᠯᠢ ᠶᠢᠨ ︽ᠪᠠᠭ᠎ᠠ ᠰᠠᠶᠢᠬᠠᠨ︾ ᠢᠶᠠᠷ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ︽ᠶᠡᠭᠡ ᠰᠠᠶᠢᠬᠠᠨ︾ ᠢ ᠴᠤᠭᠯᠠᠷᠠᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠷᠤᠭ ᠢ ᠵᠢᠷᠤᠭᠯᠠᠨ᠎ᠠ᠃ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ | ᠵᠢᠷᠤᠮᠵᠢᠭᠤᠯᠬᠤ ᠪᠠᠶᠢᠭᠤᠯᠤᠯᠲᠠ ᠶᠢ ᠲᠦᠷᠭᠡᠳᠬᠡᠨ᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ 2 ᠰᠢᠨ᠎ᠡ ᠪᠠᠷ | ᠪᠠᠶᠢᠭᠤᠯᠵᠤ᠂ ︽ᠬᠤᠷ᠎ᠠ ᠪᠣᠷᠣᠭᠠᠨ ᠤ ᠲᠥᠯᠥᠪᠯᠡᠭᠡ +︾ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯ ᠤᠨ | ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠬᠦᠴᠦᠨ ᠢᠶᠠᠨ ᠲᠥᠪᠯᠡᠷᠡᠭᠦᠯᠦᠨ | ᠰᠠᠶᠢᠲᠤᠷ ᠠᠳᠬᠤᠵᠤ᠂ ᠳᠤᠲᠠᠭᠤᠳᠠᠯ ᠪᠠᠭᠤᠷᠠᠢ ᠵᠦᠢᠯ ᠢ ᠨᠥᠬᠦᠪᠦᠷᠢᠯᠡᠨ ᠬᠦᠴᠦᠷᠬᠡᠭᠵᠢᠭᠦᠯᠦᠨ᠎ᠡ᠃ | ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠬᠥᠳᠡᠭᠡ ᠲᠣᠰᠬᠤᠨ ᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ᠃ ᠵᠣᠯᠭᠠᠭᠤᠯᠬᠤ ᠪᠡᠯᠡ ᠮᠥᠩᠭᠦ ᠶᠢᠨ | ᠬᠠᠮᠢᠶᠠᠷᠤᠯᠲᠠ ᠶᠢ ᠴᠢᠩᠭᠠᠷᠠᠭᠤᠯᠵᠤ᠂ ᠬᠥᠮᠥᠷᠭᠡ ᠳᠤ ᠣᠷᠣᠭᠤᠯᠬᠤ ᠲᠠᠰ ᠳᠠᠷᠠᠭᠠᠯᠠᠯ ᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠦᠷᠢᠶᠡᠯᠡᠩ᠂ ᠣᠷᠭᠠᠨᠢᠭ ᠪᠣᠷᠳᠣᠭᠤᠷ ᠡᠳ᠋ᠰᠢᠭᠦᠯᠬᠦ ᠦᠢᠯᠡᠳᠪᠦᠷᠢ ︵ | ᠬᠤᠶᠠᠳᠤᠭᠠᠷ ᠬᠤᠭᠤᠴᠠᠭ᠎ᠠ︶ ᠵᠡᠷᠭᠡ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠵᠣᠯᠭᠠᠭᠤᠯᠬᠤ ᠪᠡᠯᠡ ᠮᠥᠩᠭᠦ ᠶᠢ ᠢᠨᠵᠧᠨᠧᠷᠢᠩ ᠤᠨ ᠠᠬᠢᠴᠠ᠂ ᠴᠠᠭ ᠤᠨ | ᠳᠠᠷᠠᠭᠠᠯᠠᠯ ᠤᠨ ᠠᠬᠢᠴᠠ ᠪᠠᠷ ᠴᠠᠭ ᠲᠤᠬᠠᠢ ᠳᠤᠨᠢ ᠰᠢᠯᠵᠢᠭᠦᠯᠦᠨ ᠥᠭᠬᠦ ᠶᠢ ᠪᠠᠲᠤᠯᠠᠨ᠎ᠠ᠃ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠵᠦ᠂ ᠲᠥᠷᠥᠯ ᠵᠦᠢᠯ ᠤᠨ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠲᠣᠭᠲᠠᠭᠠᠬᠤ᠂ ᠥᠮᠴᠢᠯᠡᠬᠦ ᠡᠷᠬᠡ ᠶᠢ ᠳᠠᠩᠰᠠᠯᠠᠬᠤ᠂ ᠡᠳ᠋ ᠬᠥᠷᠥᠩᠭᠡ ᠶᠢ | ᠰᠢᠯᠵᠢᠭᠦᠯᠦᠨ ᠲᠤᠰᠢᠶᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠡᠳ᠋ ᠬᠥᠷᠥᠩᠭᠡ ᠶᠢᠨ ᠪᠦᠷᠢᠨ ᠪᠦᠲᠦᠨ᠂ ᠠᠮᠤᠷ ᠲᠦᠪᠰᠢᠨ᠂ ᠦᠷᠭᠦᠯᠵᠢᠯᠡᠨ ᠦᠷ᠎ᠡ | ᠠᠰᠢᠭ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ᠬᠥᠳᠡᠯᠦᠩᠭᠦᠢ ᠪᠠᠷ ᠬᠢᠨᠠᠨ ᠬᠡᠮᠵᠢᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠬᠤᠶᠠᠷ ᠢ ᠬᠢᠨᠠᠨ | ᠬᠡᠮᠵᠢᠬᠦ᠂ ᠬᠤᠶᠠᠷ ᠢ ᠳᠠᠷᠠᠭᠠᠯᠠᠨ ᠪᠠᠶᠢᠴᠠᠭᠠᠬᠤ︾ ᠶᠢᠨ ᠪᠢᠲᠡᠭᠦᠦ ᠴᠠᠭᠠᠷᠢᠭᠲᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ︽ᠶᠠᠳᠠᠭᠤ ᠬᠦᠴᠢᠷᠳᠡᠯᠲᠡᠢ | ᠬᠥᠮᠥᠨ ᠠᠮᠠ ᠶᠢ ᠰᠡᠷᠭᠡᠶᠢᠯᠡᠨ ᠪᠠᠲᠤᠯᠠᠬᠤ︾ ᠶᠢ ᠢᠳᠡᠪᠬᠢᠲᠡᠢ ᠳᠡᠯᠭᠡᠷᠡᠭᠦᠯᠵᠦ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠂ ᠶᠠᠳᠠᠭᠤ ᠠᠴᠠ | ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢᠨ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ | ᠦᠭᠡᠢ ᠪᠠᠶᠢᠬᠤ ᠶᠢ ᠪᠠᠲᠤᠯᠠᠨ᠎ᠠ᠃ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠠᠷᠢᠶᠠᠴᠢᠨ ᠠᠩᠴᠢᠳ ᠤᠨ ᠳᠠᠷᠢᠬᠤ | ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠬᠦ ᠬᠡᠷᠡᠭᠲᠡᠢ︔ ᠣᠨᠴᠠᠯᠢᠭᠲᠤ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠨ᠂ ᠬᠥᠯᠥᠨ ᠪᠤᠶᠢᠷ ᠤᠨ ᠢᠳᠡᠭᠡᠨ ᠤ | ᠮᠥᠭᠦ ᠶᠢᠨ ᠠᠵᠤ ᠦᠢᠯᠡᠰ ᠤᠨ ᠭᠤᠣᠯ ᠣᠷᠣᠨ ᠤ ᠬᠥᠭᠵᠢᠯᠲᠡ ᠶᠢᠨ ᠠᠯᠬᠤᠴᠠ ᠶᠢ ᠲᠦᠷᠭᠡᠳᠬᠡᠵᠦ᠂ ᠢᠳᠡᠭᠡᠨ ᠤ ᠮᠥᠭᠦ ᠶᠢᠨ ᠪᠣᠭᠤᠳᠠᠯ ᠤᠨ ᠦᠢᠯᠡᠳᠪᠦᠷᠢ ᠶᠢ | ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠤ᠂ ᠡᠯ᠎ᠡ ᠲᠥᠷᠥᠯ ᠤᠨ ᠢᠳᠡᠭᠡᠨ ᠤ ᠮᠥᠭᠦ ᠶᠢ 2400 ᠲᠦᠮᠡᠨ ᠪᠣᠭᠤᠳᠠᠯ ᠳᠠᠷᠢᠵᠤ᠂ 8 ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ︔ ᠤᠰᠤᠨ ᠠᠵᠠᠷᠭᠠᠨ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠥᠲᠥᠯᠥᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠢᠲᠠᠳ ᠡᠪᠡᠰᠦᠨ ᠡᠮ ᠤᠨ ᠲᠠᠷᠢᠮᠠᠯ ᠢ 1.5 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ 8 ᠪᠦᠲᠦᠭᠡᠨ ᠪᠠᠶᠢᠭᠤᠯᠤᠨ᠎ᠠ︔ ᠡᠷᠬᠢᠨ ᠲᠣᠭᠤᠷᠢᠨ ᠤ ᠬᠤᠰᠢᠭᠤ ᠬᠤᠲᠠ ᠲᠣᠭᠤᠷᠢᠭ ᠤᠨ ᠪᠣᠷᠣ ᠰᠤᠳᠠᠯᠲᠤ ᠲᠠᠷᠢᠮᠠᠯ ᠤᠨ | ᠲᠠᠯᠠᠪᠠᠶ ᠶᠢ 10 ᠲᠦᠮᠡᠨ ᠮᠦ ᠠᠴᠠ ᠳᠡᠭᠡᠭᠰᠢ ᠨᠥᠯᠥᠭᠡᠯᠡᠨ ᠳᠠᠶᠢᠴᠢᠯᠠᠵᠤ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 5 ᠪᠠᠶᠢᠭᠤᠯᠤᠨ᠎ᠠ᠃ ᠬᠥᠳᠡᠭᠡ ᠠᠵᠤ | ᠠᠬᠤᠢ ᠲᠠᠢ ᠬᠤᠯᠪᠤᠭᠠᠯᠠᠨ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢᠨ ᠵᠠᠭᠪᠤᠷ ᠢ ᠠᠮᠢᠳᠤᠯᠢᠭ ᠢᠶᠠᠷ ᠬᠠᠶᠢᠨ ᠰᠦᠪᠡᠭᠴᠢᠯᠡᠵᠦ᠂ ᠨᠢᠭᠡ ᠲᠣᠰᠬᠤᠨ ᠨᠢᠭᠡ ᠦᠢᠯᠡᠳᠬᠦᠨ ᠢ ᠡᠭᠦᠳᠦᠨ ᠪᠠᠶᠢᠭᠤᠯᠵᠤ᠂ ᠣᠨᠴᠠᠯᠢᠭᠲᠤ ᠠᠵᠤ | ᠦᠢᠯᠡᠰ ᠤᠨ ᠵᠠᠯᠭᠠᠭ᠎ᠠ ᠪᠠᠷ ᠴᠡᠴᠡᠭᠯᠡᠨ ᠬᠥᠭᠵᠢᠬᠦ ᠳᠤ ᠬᠦᠴᠦᠨ ᠨᠡᠮᠡᠷᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠰᠠᠭᠤᠷᠢ ᠶᠢ ᠵᠤᠵᠠᠭᠠᠳᠬᠠᠨ | ᠪᠣᠳᠠᠲᠠᠶᠢᠵᠢᠭᠤᠯᠵᠤ᠂ ᠲᠣᠰᠬᠤᠨ ᠪᠦᠷᠢ ᠶᠢ ᠳᠤᠮᠳᠠᠴᠢ ᠪᠠᠷ 50 ᠲᠦᠮᠡᠨ ᠲᠥᠭᠦᠷᠢᠭ ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ ᠵᠡᠭᠦᠨ ᠪᠠᠷᠠᠭᠤᠨ ᠣᠷᠣᠨ ᠤ | ᠬᠠᠮᠵᠢᠯᠴᠠᠭ᠎ᠠ᠂ ᠲᠥᠪ ᠤᠨ ᠴᠡᠭ ᠲᠣᠭᠲᠠᠭᠠᠭᠰᠠᠨ ᠨᠢᠭᠡᠴᠢ᠂ ᠨᠡᠶᠢᠭᠡᠮ ᠤᠨ ᠭᠤᠷᠪᠠᠨ ᠰᠠᠯᠠᠭ᠎ᠠ ᠬᠠᠪᠰᠤᠷᠤᠨ ᠲᠡᠳᠬᠦᠬᠦ ᠬᠦᠴᠦᠨ ᠢ ᠴᠢᠩᠭ᠎ᠠ ᠠᠳᠬᠤᠵᠤ᠂ ᠠᠵᠤ | ᠦᠢᠯᠡᠰ ᠢ ᠰᠢᠯᠵᠢᠭᠦᠯᠬᠦ᠂ ᠲᠦᠷᠦᠯ ᠵᠦᠢᠯ ᠢ ᠣᠷᠣᠭᠤᠯᠤᠨ ᠠᠪᠴᠢᠷᠠᠬᠤ᠂ ᠬᠥᠳᠡᠯᠮᠦᠷᠢ ᠦᠢᠯᠡᠴᠢᠯᠡᠭᠡ ᠲᠣᠮᠢᠯᠠᠬᠤ᠂ ᠦᠢᠯᠡᠳᠬᠦᠨ ᠢ ᠪᠣᠷᠣᠯᠠᠭᠤᠯᠬᠤ ᠡᠷᠴᠢᠮ ᠢ | ᠴᠢᠩᠭᠠᠷᠠᠭᠤᠯᠵᠤ᠂ ᠴᠡᠭ ᠲᠣᠭᠲᠠᠭᠠᠭᠰᠠᠨ ᠨᠢᠭᠡᠴᠢ ᠶᠢ ᠵᠣᠯᠭᠠᠭᠤᠯᠬᠤ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠨᠡᠩ ᠤᠯᠠᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠬᠥᠲᠥᠯᠥᠨ ᠵᠢᠯᠤᠭᠤᠳᠴᠤ᠂ ᠬᠠᠪᠰᠤᠷᠤᠨ ᠲᠡᠳᠬᠦᠵᠦ᠂ ᠲᠣᠰᠬᠤᠨ ᠢ | ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠠᠯᠬᠤᠴᠠ ᠶᠢ ᠲᠦᠷᠭᠡᠳᠬᠡᠨ᠎ᠡ᠃ | ᠾᠧ ᠮᠧᠶ ᠰᠢᠶᠠᠩ ᠲᠣᠰᠬᠤᠨ ᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠤᠰ ᠤᠨ ᠲᠠᠰ ᠤᠨ ᠰᠣᠶᠣᠯ ᠤᠨ ᠠᠵᠤ ᠦᠢᠯᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠤᠷᠰᠢᠯᠲᠠ ᠶᠢᠨ ᠴᠢᠭ᠋ ᠤᠨ ᠬᠤᠰᠢᠭᠤ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠨᠤᠲᠤᠭ ᠤᠨ ᠰᠢᠯᠢᠳᠡᠭ ᠰᠣᠶᠣᠯ ᠤᠨ ᠠᠮᠢᠵᠢᠷᠠᠯ ᠤᠨ ᠬᠦᠴᠦᠨ ᠢ | ᠬᠥᠭᠵᠢᠭᠡᠨ᠂ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠶᠢ ᠨᠠᠪᠲᠠᠷᠡᠭᠦᠯᠵᠦ᠂ ᠲᠠᠷᠢᠶᠠᠯᠠᠩ ᠰᠣᠶᠣᠯ ᠤᠨ ᠵᠢᠭᠤᠯᠴᠢᠯᠠᠯ ᠢ ᠠᠭᠤᠰᠤᠯᠴᠠᠭᠤᠯᠤᠨ᠂ ᠬᠥᠳᠡᠭᠡ | ᠲᠣᠰᠬᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠲᠣᠰᠬᠤᠨ ︵ᠨᠡᠶᠢᠭᠡᠮ ᠲᠣᠭᠤᠷᠢᠭ︶ ᠤ ᠬᠠᠤᠯᠢ ᠴᠠᠭᠠᠵᠠ ᠶᠢᠨ ᠵᠥᠪᠯᠡᠭᠴᠢ᠂ ᠬᠥᠳᠡᠭᠡ ᠲᠣᠰᠬᠤᠨ ᠤ ︽ᠬᠠᠤᠯᠢ ᠴᠠᠭᠠᠵᠠ ᠶᠢᠨ ᠮᠡᠷᠭᠡᠨ | ᠬᠥᠮᠥᠨ︾ ᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠶᠣᠰᠣ ᠵᠦᠢ ᠪᠠ ᠬᠠᠤᠯᠢ ᠶᠢ ᠤᠶᠠᠯᠳᠤᠭᠤᠯᠤᠨ ᠬᠥᠳᠡᠭᠡ ᠲᠣᠰᠬᠤᠨ ᠤ ᠵᠥᠷᠢᠴᠡᠯ ᠵᠢᠭᠤᠷᠠᠯᠳᠤᠭᠠᠨ ᠢ | ᠠᠷᠢᠯᠭᠠᠨ᠎ᠠ᠃ ᠬᠥᠳᠡᠭᠡ ᠲᠣᠰᠬᠤᠨ ᠢ ᠴᠢᠳᠠᠮᠠᠭᠠᠢ ᠪᠠᠷ ᠵᠠᠰᠠᠬᠤ ᠶᠢ ᠴᠢᠬᠤᠯᠠᠴᠢᠯᠠᠵᠤ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠤᠢ ᠪᠣᠯᠭᠠᠨ᠎ᠠ᠃ | |