︵ᠵᠢᠷᠭᠤᠭ᠎ᠠ︶ ᠠᠮᠢ ᠠᠬᠤᠢ ᠪᠠᠷ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ | ᠬᠦᠴᠦᠯᠡᠨ᠎ᠡ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠳᠬᠤᠨ᠎ᠠ᠃ ᠨᠠᠷᠢᠯᠢᠭ ᠣᠨᠣᠴᠠᠲᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ | ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠢᠯᠴᠢ ᠬᠠᠩᠭᠠᠬᠤ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠪᠡᠯᠡᠳᠬᠡᠮᠵᠢ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠪᠠ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠬᠤᠭ ᠲᠣᠭᠤᠰᠣ ᠶᠢ ᠵᠠᠰᠠᠬᠤ ᠶᠢ ᠪᠥᠬᠦ ᠲᠠᠯ᠎ᠠ ᠪᠠᠷ | ᠴᠢᠩᠭᠠᠳᠬᠠᠵᠤ᠂ ᠡᠰᠢ ᠰᠦᠷᠡᠯ ᠢ ᠰᠢᠲᠠᠭᠠᠬᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠴᠡᠪᠡᠷ ᠴᠡᠯᠮᠡᠭ ᠲᠡᠭᠷᠢ ᠶᠢ ᠰᠠᠶᠢᠲᠤᠷ ᠬᠠᠮᠠᠭᠠᠯᠠᠨ᠎ᠠ᠃ ᠬᠤᠲᠠ ᠪᠠᠯᠭᠠᠰᠤ ᠶᠢᠨ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ | ᠡᠬᠢ ᠰᠤᠷᠪᠤᠯᠵᠢ ᠶᠢᠨ ᠭᠠᠵᠠᠷ ᠢ ᠰᠠᠶᠢᠲᠤᠷ ᠬᠠᠮᠢᠶᠠᠷᠤᠨ ᠬᠠᠮᠠᠭᠠᠯᠠᠵᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠬᠤ ᠠᠵᠢᠯ ᠢ | ᠥᠷᠨᠢᠭᠦᠯᠦᠨ᠂ ᠤᠰᠤᠨ ᠤ ᠣᠷᠴᠢᠨ ᠲᠣᠭᠤᠷᠢᠨ ᠤ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠠᠶᠤᠯᠲᠠᠢ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠥᠷᠥᠰᠥ | ᠰᠢᠷᠣᠢ ᠶᠢᠨ ᠠᠮᠤᠷ ᠲᠦᠪᠰᠢᠨ ᠢ ᠰᠠᠶᠢᠲᠤᠷ ᠪᠠᠲᠤᠯᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠭᠤᠣᠯ ᠮᠥᠷᠡᠨ ᠨᠠᠭᠤᠷ ᠲᠣᠭᠤᠷᠢᠮ ᠢ ᠲᠣᠭᠤᠷᠢᠨ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯ ᠮᠥᠷᠡᠨ ᠤ ᠵᠠᠮ ᠢᠶᠠᠷ | ᠡᠯᠡᠰᠦ ᠮᠠᠯᠲᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠲᠣᠭᠤᠷᠢᠮ ᠢ ᠴᠡᠪᠡᠷᠯᠡᠬᠦ︽ᠳᠦᠷᠪᠡᠨ ᠳᠤᠷ᠎ᠠ ᠪᠠᠷ ᠢᠶᠠᠨ | ᠰᠠᠮᠠᠭᠤᠷᠠᠭᠤᠯᠬᠤ︾ ᠶᠢ ᠪᠠᠶᠢᠩᠭᠤᠵᠢᠭᠤᠯᠵᠤ ᠵᠢᠷᠤᠮᠵᠢᠭᠤᠯᠬᠤ ᠶᠢ ᠠᠬᠢᠭᠤᠯᠤᠨ᠎ᠠ᠃ ᠣᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ᠣᠷᠴᠢᠨ | ᠠᠬᠤᠢ ᠶᠢᠨ ᠣᠷᠴᠢᠨ ᠠᠬᠤᠢ ᠳᠤ ᠬᠤᠪᠢ ᠣᠯᠭᠤᠬᠤ ᠲᠡᠰ ᠤᠨ ᠬᠢᠨᠠᠨ ᠵᠥᠪᠰᠢᠶᠡᠷᠡᠬᠦ ᠳᠦᠷᠢᠮ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ | ᠳᠦᠷᠢᠮ ᠢ ᠰᠠᠶᠢᠲᠤᠷ ᠬᠡᠷᠡᠭᠵᠢᠭᠦᠯᠵᠦ᠂ ᠳᠠᠯᠳᠠᠭᠤᠷ ᠭᠠᠳᠠᠭᠰᠢᠯᠠᠭᠤᠯᠬᠤ ᠪᠠ ᠭᠤᠭᠤᠵᠢᠭᠤᠯᠤᠨ ᠭᠠᠳᠠᠭᠰᠢᠯᠠᠭᠤᠯᠬᠤ ᠵᠡᠷᠭᠡ ᠣᠷᠴᠢᠨ ᠠᠬᠤᠢ ᠶᠢᠨ ᠬᠠᠤᠯᠢ ᠶᠢ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠤᠷᠢᠳᠴᠢᠯᠠᠨ ᠬᠠᠷᠢᠴᠠᠭᠤᠯᠤᠨ ᠭᠦᠢᠴᠡᠳᠬᠡᠬᠦ ᠲᠤᠭ᠎ᠠ ᠶᠢ ᠴᠢᠷᠮᠠᠶᠢᠨ | ᠡᠭᠦᠳᠴᠦ ᠳᠤᠲᠠᠭᠤᠳᠠᠯ ᠢ ᠪᠠᠶᠢᠴᠠᠭᠠᠬᠤ᠂ ᠪᠠᠭᠤᠷᠠᠢ ᠲᠠᠯ᠎ᠠ ᠶᠢ ᠨᠥᠬᠦᠪᠦᠷᠢᠯᠡᠬᠦ ᠶᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ | ᠵᠢᠱᠢᠶ᠎ᠡ ᠦᠵᠡᠭᠦᠯᠬᠦ ᠲᠤᠭ ᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠬᠦ ᠬᠡᠷᠡᠭᠲᠡᠢ᠃ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠭᠤᠯᠠ ᠤᠰᠤ ᠤᠢ ᠲᠠᠷᠢᠶ᠎ᠠ ᠨᠠᠭᠤᠷ ᠨᠠᠭᠤᠷ ᠡᠪᠡᠰᠦ ᠡᠯᠡᠰᠦ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠦᠢᠯᠡᠳᠦᠯᠭᠡᠵᠢᠭᠦᠯᠵᠦ᠂ ︽ᠭᠤᠷᠪᠠᠨ ᠱᠤᠭᠤᠮ ᠨᠢᠭᠡ ᠲᠠᠩᠰᠠ︾ ᠶᠢᠨ ᠠᠮᠢ ᠠᠬᠤᠢ ᠶᠢᠨ ᠣᠷᠴᠢᠨ | ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ ᠵᠢᠴᠢ ᠢᠵᠢ ᠪᠦᠷᠢᠳᠦᠭᠦᠯᠬᠦ ᠪᠦᠲᠦᠭᠡᠨ | ᠪᠠᠶᠢᠭᠤᠯᠤᠯᠲᠠ ᠶᠢ ᠶᠡᠬᠡᠪᠡᠷ ᠳᠡᠯᠭᠡᠷᠡᠭᠦᠯᠵᠦ᠂ ᠰᠢᠨ᠎ᠡ ᠪᠠᠷ ᠪᠠᠶᠢᠭᠤᠯᠤᠭᠰᠠᠨ ᠲᠡᠷᠭᠡᠨ ᠵᠣᠭᠰᠣᠭᠠᠯ ᠳᠤ ᠶᠡᠷᠦᠩᠬᠡᠢ ᠲᠡᠷᠭᠡᠨ ᠵᠣᠭᠰᠣᠭᠠᠯ ᠤᠨ 10% ᠠᠴᠠ ᠳᠣᠣᠷ᠎ᠠ | ᠦᠭᠡᠢ ᠬᠠᠷᠢᠴᠠᠯ ᠢᠶᠠᠷ ᠴᠠᠬᠢᠯᠭᠠᠨ ᠴᠡᠨᠡᠭᠯᠡᠬᠦ ᠱᠣᠩ ᠲᠣᠬᠢᠷᠠᠭᠤᠯᠬᠤ ᠪᠤᠶᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠵᠠᠯᠭᠠᠭᠠᠰᠤ ᠶᠢ ᠤᠷᠢᠳᠴᠢᠯᠠᠨ ᠦᠯᠡᠳᠡᠭᠡᠨ᠎ᠡ᠃ | ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 3 ᠲᠦᠮᠡᠨ ᠮᠦ ᠶᠢᠨ ᠣᠶᠢᠵᠢᠭᠤᠯᠵᠤ ᠨᠣᠭᠤᠭᠠᠷᠠᠭᠤᠯᠬᠤ᠂ ᠨᠥᠬᠦᠵᠦ ᠳᠠᠷᠢᠵᠤ | ᠨᠥᠬᠦᠵᠦ ᠳᠠᠷᠢᠬᠤ᠂ ᠣᠶ ᠰᠢᠭᠤᠢ ᠶᠢ ᠠᠷᠠᠴᠢᠯᠠᠨ ᠪᠣᠶᠢᠵᠢᠭᠤᠯᠬᠤ ᠲᠥᠷᠥᠯ ᠵᠦᠢᠯ ᠢ ᠬᠡᠷᠡᠭᠵᠢᠭᠦᠯᠦᠨ᠂ 61.09 ᠲᠦᠮᠡᠨ ᠮᠦ ᠶᠢᠨ ᠤᠯᠤᠰ ᠤᠨ ᠭᠤᠣᠯᠳᠠᠯᠭ᠎ᠠ ᠲᠠᠢ | ᠨᠡᠶᠢᠲᠡ ᠶᠢᠨ ᠠᠰᠠᠷᠠᠮᠵᠢ ᠶᠢᠨ ᠣᠶ ᠶᠢᠨ ᠣᠨ ᠤ ᠬᠠᠮᠢᠶᠠᠷᠴᠤ ᠬᠠᠮᠠᠭᠠᠯᠠᠬᠤ ᠡᠭᠦᠷᠭᠡ ᠶᠢ ᠪᠡᠶᠡᠯᠡᠭᠦᠯᠵᠦ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠪᠤᠷᠢ ᠶᠢ | ᠴᠢᠩᠭᠠᠷᠠᠭᠤᠯᠤᠨ᠎ᠠ᠃ ᠨᠤᠲᠤᠭ ᠪᠡᠯᠴᠢᠭᠡᠷ ᠣᠨ ᠪᠤᠰᠤ ᠭᠠᠵᠠᠷ ᠣᠷᠣᠨ ᠠᠴᠠ ᠠᠭᠤᠷᠬᠠᠢ ᠡᠷᠢᠬᠦ ᠡᠷᠴᠢᠮ ᠢ ᠨᠡᠮᠡᠭᠳᠡᠭᠦᠯᠦᠨ᠂ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠬᠢᠭᠡᠳ ᠪᠣᠬᠢᠷᠲᠤᠯ ᠦᠭᠡᠢ ᠪᠠᠷᠢᠯᠭ᠎ᠠ ᠶᠢᠨ | ᠬᠥᠭᠵᠢᠯᠲᠡ ᠶᠢ ᠲᠦᠷᠭᠡᠳᠬᠡᠨ᠂ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠠᠷᠠᠳ ᠣᠨ ᠬᠡᠷᠡᠭᠯᠡᠭᠡᠨ ᠣ ᠪᠠᠷᠢᠯᠭ᠎ᠠ ᠶᠢᠨ ᠳᠣᠲᠣᠷᠠᠬᠢ ᠪᠣᠬᠢᠷᠲᠤᠯ | ᠦᠭᠡᠢ ᠪᠠᠷᠢᠯᠭ᠎ᠠ ᠶᠢᠨ ᠡᠵᠡᠯᠡᠬᠦ ᠬᠠᠷᠢᠴᠠᠯ ᠢ 100% ᠲᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ | ᠡᠷᠴᠢᠮᠯᠢᠭ ᠬᠥᠭᠵᠢᠯᠲᠡ ᠶᠢ ᠲᠦᠷᠭᠡᠳᠬᠡᠨ᠎ᠡ᠃ ︽ᠲᠠᠪᠤᠨ ᠰᠠᠭᠤᠷᠢ ᠶᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠷᠴᠣᠨ ᠤ | ᠠᠩ ᠠᠩᠨᠠᠯ ᠤᠨ ᠰᠣᠶᠣᠯ ᠤᠨ ᠮᠦᠽᠧᠢ ᠶᠢᠨ ᠬᠠᠭᠠᠰ ᠠᠶᠠᠭᠠᠨ ᠤ ᠢᠨᠵᠧᠨᠧᠷᠢᠩ ᠤᠨ ᠠᠮᠢᠳᠤᠯᠢᠭ ᠰᠢᠢᠳᠪᠦᠷᠢᠯᠡᠯᠲᠡ ᠶᠢ ᠰᠠᠶᠢᠲᠤᠷ ᠬᠢᠵᠦ᠂ 28.5 | ᠾᠧᠺᠲ᠋ᠠᠷ ᠤᠨ ᠵᠥᠪᠰᠢᠶᠡᠷᠡᠯ ᠢ ᠣᠯᠣᠭᠰᠠᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠬᠦ ᠶᠢ ᠪᠡᠶᠡᠯᠡᠭᠦᠯᠵᠦ᠂ ᠦᠯᠡᠳᠡᠵᠦ | ᠪᠠᠶᠢᠭ᠎ᠠ ᠠᠰᠠᠭᠤᠳᠠᠯ ᠤᠨ ᠬᠥᠮᠥᠷᠭᠡ ᠶᠢ ᠴᠡᠪᠡᠷᠯᠡᠨ ᠰᠢᠢᠳᠪᠦᠷᠢᠯᠡᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠰᠤᠯᠠ ᠪᠠᠶᠢᠭ᠎ᠠ ᠭᠡᠷ ᠪᠠᠶᠢᠰᠢᠩ ᠤᠨ ᠳᠠᠯᠳᠠ | ᠬᠦᠴᠦᠨ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠭᠠᠵᠠᠷ ᠰᠢᠷᠣᠢ ᠶᠢ ᠴᠡᠭᠴᠡᠯᠡᠨ ᠵᠠᠰᠠᠬᠤ ᠣᠷᠣᠨ ᠵᠠᠢ ᠶᠢ ᠦᠷᠭᠦᠯᠵᠢᠯᠡᠨ ᠭᠦᠨ | ᠠᠭᠤᠳᠠᠯᠵᠤ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠬᠤ ᠶᠢ ᠰᠠᠶᠢᠲᠤᠷ ᠥᠷᠨᠢᠭᠦᠯᠵᠦ᠂ ᠭᠠᠵᠠᠷ ᠰᠢᠷᠣᠢ ᠶᠢᠨ | ᠡᠬᠢ ᠪᠠᠶᠠᠯᠢᠭ ᠤᠨ ᠦᠨ᠎ᠡ ᠥᠷᠲᠡᠭ ᠢ ᠨᠠᠩ ᠰᠠᠶᠢᠲᠤᠷ ᠪᠠᠳᠠᠷᠠᠭᠤᠯᠤᠨ᠎ᠠ᠃ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ | ᠲᠣᠬᠢᠷᠠᠭᠤᠯᠤᠨ ᠡᠵᠡᠮᠳᠡᠬᠦ ᠶᠢ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠭᠠᠷᠭᠠᠯᠲᠠ ᠶᠢᠨ ᠦᠷ᠎ᠡ ᠠᠰᠢᠭ ᠤᠨ ᠶᠡᠷᠦᠩᠬᠡᠶᠢᠯᠡᠭᠰᠡᠨ ᠦᠨᠡᠯᠡᠯᠲᠡ ᠶᠢ | ᠥᠷᠨᠢᠭᠦᠯᠵᠦ᠂ ᠰᠢᠨ᠎ᠡ ᠪᠠᠷ ᠪᠠᠶᠢᠭᠤᠯᠬᠤ ᠵᠦᠢᠯᠡᠰ ᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠶᠢᠨ | ᠬᠤᠷᠣᠭᠳᠠᠭᠤᠯᠤᠯ ᠤᠨ ᠬᠦᠴᠦᠯᠡᠴᠡ ᠶᠢᠨ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠵᠤ᠂ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢᠨ | ᠬᠢᠵᠠᠭᠠᠷᠯᠠᠬᠤ ᠴᠢᠨᠠᠷᠲᠠᠢ ᠬᠠᠷᠠᠯᠲᠠ ᠳᠤ ᠬᠦᠷᠭᠡᠨ᠎ᠡ᠃ | ︵ᠳᠣᠯᠤᠭ᠎ᠠ︶ ᠠᠷᠠᠳ ᠤᠨ ᠠᠮᠢᠳᠤᠷᠠᠯ ᠢᠶᠠᠷ ᠠᠷᠠᠳ ᠤᠨ ᠰᠡᠳᠬᠢᠯ ᠢ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠪᠤᠶᠠᠨ ᠦᠢᠯᠡᠳᠬᠦ | ᠲᠠᠯ᠎ᠠ ᠪᠠᠷ ᠦᠷᠭᠦᠯᠵᠢᠯᠡᠨ ᠬᠦᠴᠦᠯᠡᠨ᠎ᠡ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠶᠢ ᠨᠡᠮᠡᠭᠳᠡᠭᠦᠯᠬᠦ | ᠪᠠᠶᠢᠳᠠᠯ ᠢ ᠪᠠᠲᠤᠯᠠᠵᠤ᠂ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠭᠡᠯ ᠢ ᠠᠷᠠᠳ ᠤᠯᠠᠨ ᠤ ᠭᠡᠷ ᠤᠨ ᠡᠭᠦᠳᠡ᠂ ᠤᠯᠠᠨ ᠲᠦᠮᠡᠨ ᠤ ᠰᠡᠳᠬᠢᠯ ᠳᠤ ᠬᠦᠷᠭᠡᠵᠦ᠂ | ᠬᠥᠭᠵᠢᠯᠲᠡ ᠶᠢ ᠨᠡᠩ ᠳᠤᠯᠠᠭᠠᠨ᠂ ᠵᠣᠯ ᠵᠢᠷᠭᠠᠯ ᠢ ᠨᠡᠩ ᠴᠢᠨᠠᠷ ᠰᠠᠶᠢᠲᠠᠢ ᠪᠣᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠷᠭᠦᠯᠵᠢᠯᠡᠨ | ᠰᠢᠯᠢᠳᠡᠭᠵᠢᠭᠦᠯᠵᠦ᠂ ᠳ᠋ᠠ ᠶᠠᠩ ᠱᠣ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠭᠠᠵᠠᠷ ᠢ ᠰᠢᠯᠵᠢᠭᠦᠯᠦᠨ ᠥᠷᠭᠡᠳᠬᠡᠨ ᠪᠠᠶᠢᠭᠤᠯᠬᠤ᠂ ᠺᠧ ᠢ ᠾᠧ ᠦᠨᠳᠦᠰᠦᠲᠡᠨ ᠤ | ᠲᠥᠪ ᠬᠡᠦᠬᠡᠳ ᠤᠨ ᠴᠡᠴᠡᠷᠯᠢᠭ ᠵᠡᠷᠭᠡ 5 ᠵᠢᠭᠠᠨ ᠰᠤᠷᠭᠠᠯᠲᠠ ᠶᠢᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠡᠷᠬᠢᠨ | ᠲᠣᠭᠤᠷᠢᠨ ᠤ ᠰᠤᠷᠤᠭᠴᠢᠳ ᠲᠤ ᠨᠡᠩ ᠰᠠᠶᠢᠨ ᠠᠰᠢᠭ ᠬᠦᠷᠲᠡᠭᠡᠨ᠎ᠡ᠃ ︽ᠬᠤᠶᠠᠷ ᠢ ᠬᠥᠩᠭᠡᠯᠡᠬᠦ︾ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ | ᠰᠤᠷᠤᠭᠴᠢᠳ ᠤᠨ ᠬᠢᠴᠢᠶᠡᠯ ᠰᠤᠷᠤᠯᠭ᠎ᠠ ᠪᠠ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠤᠨ ᠬᠥᠭᠵᠢᠯᠲᠡ ᠶᠢ ᠲᠡᠮᠵᠢᠨ ᠵᠢᠷᠤᠮᠵᠢᠭᠤᠯᠤᠨ᠎ᠠ᠃ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠤᠰᠢᠭᠤᠨ | ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠪᠤᠷᠢ ᠶᠢ ᠥᠷᠭᠡᠳᠬᠡᠬᠦ ᠲᠥᠷᠥᠯ ᠵᠦᠢᠯ ᠤᠨ ᠠᠬᠢᠴᠠ ᠶᠢ ᠲᠦᠷᠭᠡᠳᠬᠡᠨ᠂ ᠬᠦᠨᠳᠦ | ᠡᠪᠡᠳᠴᠢᠨ ᠤ ᠠᠨᠠᠭᠠᠬᠤ ᠤᠬᠠᠭᠠᠨ᠂ ᠡᠷᠡᠭᠦᠯᠵᠢᠯ ᠤᠨ ᠰᠠᠯᠠᠭ᠎ᠠ᠂ ᠰᠢᠬᠢᠷ ᠰᠢᠵᠢᠩ ᠡᠪᠡᠳᠴᠢᠨ ᠵᠡᠷᠭᠡ ᠲᠤᠰᠬᠠᠢ ᠡᠪᠡᠳᠴᠢᠨ ᠤ ᠲᠤᠰᠬᠠᠢ ᠰᠠᠯᠠᠭ᠎ᠠ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠡᠪᠡᠳᠴᠢᠨ ᠦᠵᠡᠭᠦᠯᠬᠦ ᠨᠣᠷᠮ᠎ᠠ ᠶᠢ ᠳᠡᠭᠡᠭᠰᠢᠯᠡᠭᠦᠯᠵᠦ᠂ | ᠬᠤᠰᠢᠭᠤᠨ ᠠᠷᠠᠳ ᠤᠨ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠳᠡᠰ ᠤᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠳᠤ ᠳᠡᠪᠰᠢᠭᠦᠯᠬᠦ ᠪᠠᠷ ᠴᠢᠷᠮᠠᠶᠢᠨ᠎ᠠ᠃ ᠰᠢᠨ᠎ᠡ | ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠪᠠ | ᠦᠨᠳᠦᠰᠦᠨ ᠡᠪᠡᠳᠴᠢᠨ ᠡᠮᠭᠡᠭ ᠲᠤ ᠨᠡᠷᠪᠡᠭᠳᠡᠭᠰᠡᠨ ᠬᠠᠮᠲᠤᠯᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠭᠤᠣᠯᠳᠠᠯᠭ᠎ᠠ ᠲᠠᠢ ᠬᠥᠮᠥᠰ ᠤᠨ ᠭᠡᠷ | ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠨᠣᠷᠮ᠎ᠠ ᠶᠢ ᠳᠡᠭᠡᠭᠰᠢᠯᠡᠭᠦᠯᠦᠨ᠂ ᠪᠥᠬᠦ ᠬᠦᠴᠦᠨ ᠢᠶᠠᠷ ᠢᠶᠠᠨ ᠡᠷᠡᠭᠦᠯ ᠮᠡᠨᠳᠦ ᠶᠢ ᠪᠠᠲᠤᠯᠠᠨ᠂ ᠬᠦᠨᠳᠦ | ᠡᠪᠡᠳᠴᠢᠨ ᠢ ᠰᠡᠷᠭᠡᠶᠢᠯᠡᠵᠦ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠰᠠᠬᠢᠨ ᠬᠠᠮᠠᠭᠠᠯᠠᠨ᠎ᠠ᠃ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢᠨ ᠳᠡᠭᠡᠭᠰᠢᠯᠡᠯᠲᠡ ᠶᠢ | ᠲᠦᠷᠭᠡᠳᠬᠡᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠳᠦᠷ ᠤᠨ ᠬᠦᠴᠦᠨ ᠤ ᠵᠠᠬ᠎ᠠ | ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠨ᠂ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠬᠦᠴᠢᠷᠳᠡᠯ ᠲᠠᠢ ᠬᠠᠮᠲᠤᠯᠢᠭ ᠤᠨ ᠠᠵᠢᠯ ᠣᠯᠭᠤᠯᠲᠠ ᠶᠢ ᠬᠠᠪᠰᠤᠷᠤᠨ | ᠲᠡᠳᠬᠦᠬᠦ ᠠᠵᠢᠯ ᠢ ᠴᠢᠩᠭᠠᠳᠬᠠᠵᠤ᠂ ᠬᠤᠳᠠ ᠪᠠᠯᠭᠠᠰᠤᠨ ᠤ 800 ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠠᠵᠢᠯ ᠠᠯᠳᠠᠯᠲᠠ ᠶᠢᠨ ᠤᠯᠠᠭᠠᠨ ᠱᠤᠭᠤᠮ ᠢ | ᠴᠢᠩᠭ᠎ᠠ ᠰᠠᠬᠢᠵᠤ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠦᠷᠭᠦᠯᠵᠢᠯᠡᠨ ᠠᠩᠬᠠᠷᠴᠤ᠂ ᠲᠦᠷᠭᠡᠨ ᠬᠦᠷᠭᠡᠯᠲᠡ ᠶᠢᠨ ᠪᠢᠴᠢᠬᠠᠨ ᠠᠬ᠎ᠠ᠂ | ᠰᠦᠯᠵᠢᠶᠡᠨ ᠤ ᠭᠤᠣᠯ ᠨᠡᠪᠲᠡᠷᠡᠭᠦᠯᠦᠭᠴᠢ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠵᠡᠷᠭᠡ ᠠᠮᠢᠳᠤᠯᠢᠭ ᠠᠵᠢᠯ ᠣᠯᠭᠤᠯᠲᠠ ᠪᠠ ᠰᠢᠨ᠎ᠡ ᠠᠵᠢᠯ ᠣᠯᠭᠤᠯᠲᠠ ᠶᠢᠨ | ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠪᠠᠷᠢᠯᠭ᠎ᠠ ᠶᠢᠨ ᠦᠢᠯᠡᠰ ᠤᠨ ᠬᠥᠯᠥᠰᠦᠨ ᠠᠵᠢᠯᠴᠢᠨ ᠤ ᠦᠨᠡᠨ ᠨᠡᠷ᠎ᠡ ᠶᠢᠨ | ᠳᠦᠷᠢᠮ ᠢ ᠪᠦᠬᠦᠨ ᠢ ᠰᠢᠩᠭᠡᠬᠡᠨ ᠠᠪᠬᠤ ᠶᠢ ᠪᠡᠶᠡᠯᠡᠭᠦᠯᠵᠦ᠂ ᠴᠠᠯᠢᠩ ᠥᠷᠢᠲᠦᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠤᠲᠠ ᠬᠥᠳᠡᠭᠡ ᠶᠢᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠡᠮᠡᠭᠳᠡᠯ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ | ᠲᠠᠷᠬᠠᠭᠠᠪᠠᠰᠤ ᠵᠣᠬᠢᠬᠤ ᠶᠢ ᠨᠢ ᠪᠦᠬᠦᠨ ᠢ ᠲᠠᠷᠬᠠᠭᠠᠵᠤ᠂ ᠭᠦᠢᠴᠡᠳ ᠲᠤᠭ᠎ᠠ ᠪᠠᠷ ᠣᠯᠭᠤᠬᠤ ᠶᠢ ᠪᠠᠲᠤᠯᠠᠵᠤ᠂ ᠬᠦᠴᠢᠷᠳᠡᠯᠲᠡᠢ ᠬᠥᠮᠥᠰ ᠲᠤ ᠲᠦᠷ ᠴᠠᠭ ᠠᠪᠤᠷᠠᠨ | ᠲᠤᠰᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠡᠯ᠎ᠡ ᠲᠥᠷᠥᠯ ᠤᠨ ᠲᠠᠮᠢᠷ ᠤᠨ ᠨᠡᠶᠢᠭᠡᠮᠯᠢᠭ ᠢ ᠪᠠᠶᠢᠭᠤᠯᠤᠨ ᠲᠡᠭᠦᠯᠳᠡᠷᠵᠢᠭᠦᠯᠵᠦ᠂ ᠬᠤᠰᠢᠭᠤᠨ ᠤ | ᠫᠤᠤᠳᠠᠯᠭ᠎ᠠ ᠶᠢᠨ ᠠᠩᠭᠢ ᠪᠣᠯᠣᠨ ᠥᠪᠥᠷ ᠮᠣᠩᠭᠤᠯ ᠤᠨ ᠫᠤᠤᠳᠠᠯᠭ᠎ᠠ ᠶᠢᠨ ᠠᠩᠭᠢ ᠶᠢ ᠬᠠᠮᠲᠤ ᠪᠠᠷ ᠪᠠᠶᠢᠭᠤᠯᠵᠤ ᠬᠠᠮᠲᠤᠷᠠᠨ ᠪᠠᠶᠢᠭᠤᠯᠬᠤ ᠶᠢ ᠲᠦᠷᠭᠡᠳᠬᠡᠵᠦ᠂ | ᠭᠠᠰᠢᠶᠠᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠣᠷᠳᠣᠨ ᠢ ᠪᠠᠶᠢᠭᠤᠯᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ᠂ ᠪᠡᠶ᠎ᠡ ᠶᠢᠨ ᠲᠠᠮᠢᠷ ᠤᠨ ᠲᠠᠯᠠᠪᠠᠶ ᠶᠢ 10 ᠲᠦᠮᠡᠨ ᠲᠡᠭᠰᠢ ᠳᠥᠷᠪᠡᠯᠵᠢᠨ | ᠮᠧᠲᠷ ᠰᠢᠨ᠎ᠡ ᠪᠠᠷ ᠨᠡᠮᠡᠭᠳᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠳᠠᠭᠠᠭᠠᠨ ᠡᠷᠭᠢᠯᠡᠬᠦ ᠪᠠᠷ ᠢᠳᠡᠪᠬᠢᠲᠡᠢ | ᠴᠢᠷᠮᠠᠶᠢᠵᠤ᠂ ᠡᠯ᠎ᠡ ᠱᠠᠲᠤᠨ ᠤ ᠡᠯ᠎ᠡ ᠲᠥᠷᠥᠯ ᠤᠨ ᠲᠠᠩ ᠲᠥᠷᠥᠯ᠂ ᠠᠵᠢᠯ ᠲᠥᠷᠥᠯ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠦᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠣᠷᠣᠰᠢᠭᠤᠯᠭ᠎ᠠ ᠶᠢᠨ ᠭᠠᠵᠠᠷ ᠤᠨ ᠲᠥᠷᠥᠯ ᠵᠦᠢᠯ᠂ ᠠ ᠯᠢ ᠾᠧ ᠪᠠᠯᠭᠠᠰᠤᠨ ᠤ ᠨᠡᠶᠢᠲᠡ ᠶᠢᠨ ᠣᠩᠭᠤᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠷᠣᠰᠢᠭᠤᠯᠭ᠎ᠠ ᠶᠢᠨ ᠲᠥᠬᠦᠭᠡᠷᠦᠮᠵᠢ᠂ ᠣᠷᠣᠰᠢᠭᠤᠯᠭ᠎ᠠ ᠶᠢᠨ ᠲᠥᠬᠦᠭᠡᠷᠦᠮᠵᠢ ᠶᠢᠨ ᠳᠤᠲᠠᠭᠤᠳᠠᠯ ᠢ | ᠨᠥᠬᠦᠪᠦᠷᠢᠯᠡᠨ᠎ᠡ᠃ ᠬᠤᠶᠠᠷ ᠢ ᠬᠦᠷᠢᠶᠡᠯᠡᠨ ᠬᠠᠷᠠᠭᠠᠯᠵᠠᠬᠤ ᠪᠠᠲᠤᠯᠠᠭ᠎ᠠ ᠶᠢ ᠭᠦᠨᠵᠡᠭᠡᠶᠢᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠭᠤᠷᠪᠠᠨ ᠱᠠᠲᠤᠨ ᠤ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠤᠨ | ᠲᠣᠭᠲᠠᠴᠠ ᠶᠢ ᠪᠦᠷᠢᠨᠰᠢᠭᠦᠯᠦᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠪᠠ᠃ ᠭᠠᠯ ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠰᠢᠶᠠᠩ ᠪᠠᠯᠭᠠᠰᠤᠨ ᠤ ᠲᠤᠰᠬᠠᠢ ᠮᠡᠷᠭᠡᠵᠢᠯ ᠤᠨ ᠪᠠ ᠬᠠᠭᠠᠰ ᠲᠤᠰᠬᠠᠢ ᠮᠡᠷᠭᠡᠵᠢᠯ ᠤᠨ ᠭᠠᠯ ᠰᠡᠷᠭᠡᠶᠢᠯᠡᠨ ᠤᠨᠲᠠᠷᠠᠭᠠᠬᠤ ᠠᠩᠭᠢ ᠶᠢᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠵᠤ᠂ ᠪᠦᠬᠦ ᠵᠢᠯ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠢ ᠶᠡᠷᠦᠩᠬᠡᠢ ᠳᠡᠭᠡᠨ ᠲᠣᠭᠲᠠᠭᠤᠨ ᠪᠥᠭᠡᠳ ᠡᠵᠡᠮᠳᠡᠵᠦ ᠪᠣᠯᠬᠤ ᠶᠢ ᠦᠨᠡᠨ | ᠬᠦ ᠪᠠᠲᠤᠯᠠᠨ᠎ᠠ᠃ ᠬᠦᠨᠳᠦ ᠠᠵᠤ ᠠᠬᠤᠢ ᠶᠢᠨ ᠬᠤᠷᠠᠮᠳᠤᠯ ᠢ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠶᠠᠩ ᠪᠠᠯᠭᠠᠰᠤᠨ ᠤ ᠵᠠᠬᠢᠳᠠᠯ | ᠰᠣᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠪᠣᠳᠠᠲᠤ ᠴᠣᠭᠴᠠᠲᠤ ᠠᠵᠢᠯᠯᠠᠭᠠᠨ ᠢ ᠠᠬᠢᠭᠤᠯᠵᠤ᠂ ︽ᠳᠥᠷᠪᠡ ᠶᠢ ᠳᠡᠭᠡᠭᠰᠢᠯᠡᠭᠦᠯᠬᠦ᠂ ᠭᠤᠷᠪᠠ ᠶᠢ | ᠪᠠᠭᠤᠷᠠᠭᠤᠯᠬᠤ᠂ ᠭᠤᠷᠪᠠ ᠶᠢ ᠥᠯᠥ ᠭᠠᠷᠭᠠᠬᠤ︾ ᠶᠢ ᠪᠡᠶᠡᠯᠡᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ︽ᠬᠤᠶᠠᠷ ᠢ ᠴᠡᠪᠡᠷᠯᠡᠵᠦ ᠬᠤᠶᠠᠷ ᠲᠤ ᠴᠣᠬᠢᠯᠲᠠ ᠥᠭᠬᠦ︾ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠳᠤ ᠬᠤᠯᠪᠣᠭᠳᠠᠬᠤ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ᠂ ᠢᠳᠡᠭᠡᠨ ᠤ ᠵᠦᠢᠯ ᠡᠮ ᠤᠨ ᠵᠦᠢᠯ ᠤᠨ ᠪᠦᠬᠦ ᠬᠡᠯᠬᠢᠶ᠎ᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠴᠢᠬᠤᠯᠠ ᠶᠡᠭᠡ ᠬᠡᠮᠵᠢᠶ᠎ᠡ ᠶᠢ ᠦᠷᠭᠦᠯᠵᠢᠯᠡᠨ ᠬᠤᠷᠢᠭᠯᠠᠵᠤ᠂ ᠶᠡᠷᠦᠩᠬᠡᠢ ᠬᠡᠮᠵᠢᠶ᠎ᠡ ᠶᠢ ᠪᠠᠭᠠᠰᠬᠠᠨ᠎ᠠ᠃ ᠰᠦᠯᠵᠢᠶᠡᠨ ᠤ ᠣᠷᠣᠨ ᠵᠠᠢ᠂ | ᠠᠵᠤ ᠠᠬᠤᠢ ᠮᠥᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠰᠢᠨ᠎ᠡ ᠠᠮᠤᠷ ᠲᠦᠪᠰᠢᠨ ᠤ ᠠᠰᠠᠭᠤᠳᠠᠯ ᠢ ᠴᠢᠬᠤᠯᠠᠴᠢᠯᠠᠵᠤ᠂ ᠶᠠᠷᠢᠶ᠎ᠠ ᠬᠡᠯᠡᠯᠴᠡᠭᠡᠨ ᠤ ᠭᠡᠨᠡᠳᠲᠡ ᠶᠢᠨ | ᠪᠠᠶᠢᠳᠠᠯ ᠢ ᠠᠷᠭᠠᠴᠠᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠥᠭᠴᠡᠭᠡᠨ ᠤ ᠠᠶᠤᠯ ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠵᠦ᠂ ᠬᠠᠤᠯᠢ ᠪᠤᠰᠤ | ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠪᠠᠷ ᠭᠤᠣᠯ ᠰᠢᠵᠢᠮ ᠪᠣᠯᠭᠠᠵᠤ᠂ ᠭᠤᠷᠪᠠᠨ ᠵᠦᠢᠯ ᠤᠨ ᠲᠥᠯᠥᠪᠯᠡᠭᠡ ᠪᠠᠷ ᠲᠦᠰᠢᠭ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ | ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠤᠨ᠎ᠠ᠃ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯ | ᠤᠬᠠᠮᠰᠠᠷ ᠤᠨ ᠬᠥᠮᠦᠵᠢᠯ ᠰᠣᠯᠢᠯᠴᠠᠭᠠᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠦᠨᠳᠦᠰᠦᠲᠡᠨ ᠨᠦᠭᠦᠳ ᠤᠨ | ᠣᠯᠠᠨ ᠲᠦᠮᠡᠨ ᠤ ᠬᠠᠷᠢᠯᠴᠠᠨ ᠰᠢᠭᠢᠳᠬᠦ ᠬᠡᠯᠪᠡᠷᠢ ᠶᠢᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠵᠦ᠂ ᠶᠡᠭᠡ ᠬᠢᠩᠭᠠᠨ ᠳᠠᠪᠠᠭ᠎ᠠ ᠶᠢᠨ ᠭᠠᠵᠠᠷ ᠣᠷᠣᠨ᠂ | ᠰᠠᠭᠤᠭ᠎ᠠ ᠠᠵᠤ ᠠᠬᠤᠶᠢᠯᠠᠯ ᠯᠤᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠢᠳᠡᠪᠬᠢᠲᠡᠢ ᠥᠷᠨᠢᠭᠦᠯᠵᠦ᠂ ᠣᠷᠣᠨ ᠪᠦᠰᠡ ᠠᠯᠤᠰᠯᠠᠭᠰᠠᠨ | ᠬᠠᠮᠲᠤᠷᠠᠯᠴᠠᠭ᠎ᠠ ᠶᠢ ᠡᠭᠦᠳᠦᠨ ᠪᠠᠶᠢᠭᠤᠯᠵᠤ᠂ ᠬᠢᠩᠭᠠᠨ ᠳᠠᠪᠠᠭ᠎ᠠ ᠶᠢᠨ ᠳᠡᠭᠡᠷ᠎ᠡ ᠭᠠᠷ ᠬᠤᠯᠪᠣᠯᠴᠠᠨ ᠣᠷᠣᠨ ᠪᠦᠰᠡ ᠠᠯᠤᠰᠯᠠᠭᠰᠠᠨ ᠰᠣᠯᠢᠯᠴᠠᠭᠠᠨ ᠤ ᠰᠢᠨ᠎ᠡ | ᠪᠠᠶᠢᠳᠠᠯ ᠢ ᠪᠣᠶ ᠪᠣᠯᠭᠠᠨ᠎ᠠ᠃ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ | ᠲᠥᠯᠥᠪᠯᠡᠭᠡ ᠶᠢ ᠬᠡᠷᠡᠭᠵᠢᠭᠦᠯᠵᠦ᠂ ︽ᠠᠭᠤᠰᠤᠯᠴᠠᠯ ᠤᠨ ᠵᠠᠮ︾ ᠤᠨ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠠᠵᠢᠯᠯᠠᠭ᠎ᠠ ᠶᠢᠨ ᠲᠥᠷᠥᠯ ᠵᠦᠢᠯ ᠢ | ᠥᠷᠨᠢᠭᠦᠯᠵᠦ᠂ ᠳ᠋ᠣᠪᠺᠦ᠋ᠷ ᠤᠨ ᠠᠩᠴᠢᠨ ᠲᠣᠰᠬᠤᠨ ᠵᠡᠷᠭᠡ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠤ ᠣᠨᠴᠠᠯᠢᠭᠲᠤ ᠠᠵᠤ ᠦᠢᠯᠡᠰ᠂ | ᠰᠣᠶᠣᠯ ᠤᠨ ᠵᠢᠭᠤᠯᠴᠢᠯᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠦᠷᠭᠡᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠦᠨᠳᠦᠰᠦᠲᠡᠨ ᠨᠦᠭᠦᠳ | ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠨ᠎ᠠ᠃ ︽ᠭᠤᠷᠪᠠ ᠠᠴᠠ | ᠰᠠᠯᠵᠤ ᠴᠢᠳᠠᠬᠤ ᠦᠭᠡᠢ︾︽ᠲᠠᠪᠤ ᠶᠢ ᠮᠡᠳᠡᠷᠡᠨ ᠵᠥᠪᠰᠢᠶᠡᠷᠡᠬᠦ︾ᠦᠵᠡᠯ ᠰᠠᠨᠠᠭ᠎ᠠ ᠪᠠ︽ᠳᠥᠷᠪᠡ ᠶᠢ ᠬᠠᠮᠲᠤᠳᠬᠠᠬᠤ︾ᠣᠶᠢᠯᠠᠭᠠᠭᠳᠠᠬᠤᠨ ᠢ ᠦᠨᠳᠦᠰᠦᠲᠡᠨ ᠨᠦᠭᠦᠳ ᠤᠨ | ᠤᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠲᠤᠭ ᠤᠨ | ᠠᠯᠳᠠᠨ ᠦᠰᠦᠭᠲᠦ ᠫᠠᠶᠢᠰᠠ ᠶᠢ ᠤᠯᠠᠮ ᠠᠴᠠ ᠤᠯᠠᠮ ᠭᠡᠷᠡᠯᠳᠦᠬᠦᠯᠬᠦ ᠬᠡᠷᠡᠭᠲᠡᠢ᠃ | | |