ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ 2023 ᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠠᠷᠪᠠᠨ ᠬᠤᠶᠠᠷ︶
ᠨᠡᠶᠢᠲᠡᠯᠡᠭᠰᠡᠨ ᠴᠠᠭ᠄
2023/12/4
︵ᠨᠠᠢᠮᠠ︶ ᠪᠣᠳᠠᠲᠠᠢ ᠠᠵᠢᠯᠯᠠᠬᠤ ᠪᠠᠷ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠨ᠎ᠡ     ᠬᠠᠷᠢᠴᠠᠯᠠᠰᠢᠭᠦᠢ ᠦᠨᠡᠨᠴᠢ ᠰᠢᠳᠤᠷᠭᠤ ᠬᠠᠲᠠᠭᠤ ᠨᠢᠷᠤᠭᠤ ᠶᠢ ᠳᠠᠪᠲᠠᠨ ᠪᠣᠯᠪᠠᠰᠤᠷᠠᠭᠤᠯᠤᠨ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠠᠮ  ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ  ᠤ ᠥᠪᠥᠷ ᠮᠣᠩᠭᠤᠯ  ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ  ᠶᠢ ᠤᠨᠢᠨ ᠳᠡᠭᠡᠷ᠎ᠡ ᠨᠢ ᠡᠵᠡᠮᠳᠡᠵᠦ᠂ ᠤᠯᠤᠰ ᠲᠦᠷᠦ  ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ  ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ  ᠶᠢᠨ ᠬᠡᠷᠡᠭᠵᠢᠭᠦᠯᠬᠦ ᠴᠢᠳᠠᠪᠤᠷᠢ  ᠶᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ  ᠪᠠᠷ ᠢᠶᠠᠨ︽ᠬᠤᠶᠠᠷ  ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ  ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃     ᠬᠠᠤᠯᠢ ᠶᠣᠰᠣᠭᠠᠷ ᠵᠠᠰᠠᠭ ᠶᠠᠪᠤᠭᠤᠯᠬᠤ ᠵᠢᠩᠬᠢᠨᠢ ᠡᠷᠳᠡᠮ ᠴᠢᠳᠠᠪᠤᠷᠢ ᠶᠢ ᠪᠣᠯᠪᠠᠰᠤᠷᠠᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠤᠯᠢ ᠪᠠᠷ ᠲᠣᠭᠲᠠᠭᠠᠭᠰᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠳᠠᠯᠠᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠵᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠵᠦ᠂ ᠨᠡᠶᠢᠭᠡᠮ ᠤᠨ ᠡᠯ᠎ᠡ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠵᠤ᠂ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠬᠠᠤᠯᠢ ᠴᠠᠭᠠᠵᠠ ᠶᠢᠨ ᠬᠢᠨᠠᠯᠲᠠ ᠶᠢ ᠲᠡᠮᠵᠢᠨ᠎ᠠ᠃      ᠪᠣᠳᠠᠲᠠᠢ ᠠᠵᠢᠯᠯᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢ ᠳᠠᠪᠲᠠᠨ ᠪᠣᠯᠪᠠᠰᠤᠷᠠᠭᠤᠯᠤᠨ᠎ᠠ᠃ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠴᠤᠭ ᠰᠦᠯᠳᠡ ᠪᠠᠷ ᠠᠵᠢᠯ ᠶᠠᠪᠤᠳᠠᠯ ᠬᠢᠵᠦ ᠦᠢᠯᠡᠰ ᠪᠣᠰᠬᠠᠵᠤ᠂ ᠡᠭᠦᠷᠭᠡᠯᠡᠪᠡᠰᠦ ᠵᠣᠬᠢᠬᠤ ᠡᠭᠦᠷᠭᠡ ᠶᠢ ᠡᠭᠦᠷᠭᠡᠯᠡᠵᠦ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠳᠬᠤᠪᠠᠰᠤ ᠵᠣᠬᠢᠬᠤ ᠶᠠᠪᠤᠳᠠᠯ ᠢ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠲᠠᠪᠤᠨ ᠳᠦᠷᠢ ᠲᠥᠷᠬᠦ ᠶᠢ ᠪᠣᠶ ᠪᠣᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠡᠶᠡᠯᠡᠭᠦᠯᠬᠦ ᠬᠡᠷᠡᠭᠲᠡᠢ᠃ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠳᠡᠭᠡᠭᠰᠢᠯᠡᠭᠦᠯᠬᠦ ᠳᠡᠭᠡᠷ᠎ᠡ ᠯᠠᠪᠳᠠᠭᠤᠨ ᠪᠠᠲᠤᠲᠠᠢ ᠪᠠᠷ ᠬᠦᠴᠦ ᠲᠠᠯᠪᠢᠵᠤ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠲᠣᠪᠣᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃     ᠠᠷᠢᠭᠤᠨ ᠴᠢᠬᠡᠴᠢ ᠪᠠᠷ ᠦᠯᠦ ᠬᠠᠯᠳᠠᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠬᠠᠰᠢᠯᠭ᠎ᠠ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠪᠠᠬᠢᠵᠢᠭᠦᠯᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢᠨ ᠵᠡᠷᠭᠡ ᠪᠠᠷ ᠬᠦᠴᠦᠯᠡᠬᠦ᠂ ᠠᠳᠠᠯᠢ ᠴᠢᠭᠯᠡᠯ ᠢᠶᠠᠷ ᠬᠦᠴᠦᠯᠡᠬᠦ᠂ ᠶᠡᠷᠦᠩᠬᠡᠶᠢᠯᠡᠨ ᠬᠦᠴᠦᠯᠡᠬᠦ ᠶᠢ ᠪᠠᠷᠢᠮᠲᠠᠯᠠᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠵᠤ᠂ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠳ᠋ ᠤᠨ ᠵᠠᠰᠠᠭ ᠤᠨ ᠲᠥᠰᠥᠪ ᠪᠠ ᠲᠥᠰᠥᠪ ᠤᠨ ᠭᠦᠢᠴᠡᠳᠬᠡᠯ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠪᠠᠭᠠᠰᠬᠠᠨ᠂ ᠨᠡᠩ ᠤᠯᠠᠨ ᠪᠡᠯᠡ ᠮᠥᠩᠭᠦ ᠶᠢ ᠠᠷᠠᠳ ᠤᠨ ᠠᠮᠢᠳᠤᠷᠠᠯ ᠢ ᠪᠠᠲᠤᠯᠠᠬᠤ᠂ ᠪᠣᠳᠠᠲᠤ ᠶᠠᠪᠤᠳᠠᠯ ᠬᠢᠬᠦ ᠳᠤ ᠬᠡᠷᠡᠭᠯᠡᠨ᠎ᠡ᠃     ᠲᠥᠯᠥᠭᠡᠯᠡᠭᠴᠢᠳ ᠠ᠋! ᠵᠠᠮ ᠬᠤᠯᠠ ᠪᠣᠯᠪᠠᠴᠤ ᠶᠠᠪᠤᠬᠤ ᠵᠠᠮ ᠤᠳᠠᠯ ᠦᠭᠡᠢ ᠬᠦᠷᠴᠦ ᠢᠷᠡᠨ᠎ᠡ︔ ᠵᠠᠮ ᠬᠤᠯᠠ ᠪᠣᠯᠪᠠᠴᠤ ᠶᠠᠪᠤᠬᠤ ᠵᠠᠮ ᠤᠳᠠᠯ ᠦᠭᠡᠢ ᠬᠦᠷᠴᠦ ᠢᠷᠡᠨ᠎ᠡ︔ ᠤᠴᠢᠷ ᠶᠠᠪᠤᠳᠠᠯ ᠬᠦᠴᠢᠷ ᠪᠣᠯᠪᠠᠴᠤ ᠠᠵᠢᠯ ᠶᠠᠪᠤᠳᠠᠯ ᠵᠠᠪᠠᠯ ᠪᠦᠲᠦᠨ᠎ᠡ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠯᠬᠡᠭᠯᠡᠨ ᠲᠡᠮᠡᠴᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕  
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ