| ᠵᠦᠢᠯᠡᠰ ᠤᠨ ᠳ᠋ᠤᠭᠠᠷᠯᠠᠯ᠄ 0100039000 | ᠵᠦᠢᠯᠡᠰ ᠤᠨ ᠲᠥᠷᠥᠯ᠄ ᠵᠠᠰᠠᠭ ᠵᠠᠬᠢᠷᠭᠠᠨ ᠤ ᠵᠥᠪᠰᠢᠶᠡᠷᠡᠯ | ᠭᠦᠢᠴᠡᠳᠬᠡᠬᠦ ᠮᠠᠲ᠋ᠧᠷᠢᠶᠠᠯ ᠤᠨ ᠲᠥᠷᠥᠯ᠄ ᠠᠮᠠᠯᠠᠯᠲᠠ ᠶᠢᠨ | ᠮᠠᠲ᠋ᠧᠷᠢᠶᠠᠯ | ᠬᠡᠷᠡᠭᠵᠢᠭᠦᠯᠬᠦ ᠨᠢᠭᠡᠴᠡ᠄ ᠥᠪᠡᠷᠲᠡᠭᠡᠨ ᠵᠠᠰᠠᠬᠤ ᠣᠷᠣᠨ ᠤ | ᠠᠷᠠᠳ ᠤᠨ ᠶᠠᠪᠤᠳᠠᠯ ᠤᠨ ᠲᠢᠩᠬᠢᠮ | ᠬᠡᠷᠡᠭᠵᠢᠭᠦᠯᠬᠦ ᠭᠤᠣᠯ ᠴᠣᠭᠴᠠ᠄ ᠬᠠᠤᠯᠢ ᠶᠣᠰᠣᠨ ᠤ | ᠪᠠᠶᠢᠭᠤᠯᠭ᠎ᠠ | ᠭᠦᠢᠴᠡᠳᠬᠡᠬᠦ ᠱᠠᠲᠤ ᠳᠡᠰ᠄ ᠥᠪᠡᠷᠲᠡᠭᠡᠨ ᠵᠠᠰᠠᠬᠤ ᠣᠷᠣᠨ ᠤ | ᠱᠠᠲᠤ | ᠲᠣᠭᠠᠨ ᠤ ᠬᠢᠵᠠᠭᠠᠷ᠄ | ᠬᠠᠤᠯᠢ ᠪᠠᠷ ᠲᠣᠭᠲᠠᠭᠠᠭᠰᠠᠨ ᠭᠦᠢᠴᠡᠳᠬᠡᠬᠦ ᠬᠤᠭᠤᠴᠠᠭ᠎ᠠ᠄ | 15 ︵ᠠᠵᠢᠯᠯᠠᠬᠤ ᠡᠳᠦᠷ︶ | ᠠᠮᠠᠯᠠᠯᠲᠠ ᠶᠢᠨ ᠭᠦᠢᠴᠡᠳᠬᠡᠬᠦ ᠬᠤᠭᠤᠴᠠᠭ᠎ᠠ᠄ 15 | ︵ᠠᠵᠢᠯᠯᠠᠬᠤ ᠡᠳᠦᠷ︶ | ᠰᠦᠢᠳᠬᠡᠯ ᠬᠤᠷᠢᠶᠠᠬᠤ ᠡᠰᠡᠬᠦ᠄ ᠦᠭᠡᠢ | ᠭᠦᠢᠴᠡᠳᠬᠡᠭᠰᠡᠨ ᠳ᠋ᠦᠩ ᠤᠨ ᠲᠥᠷᠥᠯ᠄ ᠵᠥᠪᠰᠢᠶᠡᠷᠡᠯ ᠤᠨ | ᠪᠢᠴᠢᠭ | ᠭᠦᠢᠴᠡᠳᠬᠡᠭᠰᠡᠨ ᠳ᠋ᠦᠩ ᠢ ᠠᠪᠬᠤ ᠠᠷᠭ᠎ᠠ ᠮᠠᠶ᠋ᠢᠭ᠄ | ᠥᠪᠡᠷ ᠢᠶᠠᠨ ᠠᠪᠤᠨ᠎ᠠ | ᠭᠦᠢᠴᠡᠳᠬᠡᠬᠦ ᠬᠡᠯᠪᠡᠷᠢ᠄ ᠴᠣᠩᠬᠤᠪᠴᠢ ᠪᠠᠷ ᠭᠦᠢᠴᠡᠳᠬᠡᠨ᠎ᠡ | ᠬᠢᠨᠠᠯᠲᠠ ᠵᠠᠭᠠᠯᠳᠤᠯᠭ᠎ᠠ᠄ ᠣᠳᠣ ᠳᠠᠭᠠᠨ ᠠᠯᠠᠭ᠎ᠠ | ᠯᠠᠪᠯᠠᠬᠤ ᠤᠲᠠᠰᠤ᠄ ᠣᠳᠣ ᠳᠠᠭᠠᠨ ᠠᠯᠠᠭ᠎ᠠ | ᠬᠦᠯᠢᠶᠡᠨ ᠠᠪᠴᠤ ᠭᠦᠢᠴᠡᠳᠬᠡᠬᠦ ᠨᠥᠬᠦᠴᠡᠯ᠄ | ︵1︶ ᠬᠠᠤᠯᠢ ᠶᠣᠰᠣᠭᠠᠷ ᠪᠦᠷᠢᠳᠬᠡᠭᠦᠯᠦᠭᠰᠡᠨ ᠪᠤᠶᠤ ᠪᠤᠶᠠᠨ ᠤ | ᠵᠣᠬᠢᠶᠠᠨ ᠪᠠᠶᠢᠭᠤᠯᠤᠯᠲᠠ ᠭᠡᠵᠦ ᠮᠠᠭᠠᠳᠯᠠᠭᠳᠠᠭᠠᠳ ᠪᠦᠬᠦᠯᠢ | ᠬᠤᠶᠠᠷ ᠵᠢᠯ ᠪᠣᠯᠣᠭᠰᠠᠨ ᠨᠡᠶᠢᠭᠡᠮ ᠤᠨ ᠵᠣᠬᠢᠶᠠᠨ | ᠪᠠᠶᠢᠭᠤᠯᠤᠯᠲᠠ ︵ᠰᠠᠭᠤᠷᠢ ᠮᠥᠩᠭᠦᠨ ᠤ ᠨᠡᠶᠢᠭᠡᠮᠯᠢᠭ᠂ | ᠨᠡᠶᠢᠭᠡᠮ ᠤᠨ ᠪᠦᠯᠬᠦᠮ᠂ ᠨᠡᠶᠢᠭᠡᠮ ᠤᠨ ᠦᠢᠯᠡᠴᠢᠯᠡᠭᠡᠨ ᠤ | ᠪᠠᠶᠢᠭᠤᠯᠤᠮᠵᠢ︶ ᠨᠢ ᠢᠯᠡ ᠪᠠᠷ ᠬᠠᠨᠳᠢᠪ ᠴᠤᠭᠯᠠᠭᠤᠯᠬᠤ ᠬᠢᠷᠢ | ᠬᠡᠮ ᠭᠤᠶᠤᠴᠢᠯᠠᠬᠤ ᠳᠤ᠂ ᠳᠠᠷᠠᠭᠠᠬᠢ ᠨᠥᠬᠦᠴᠡᠯ ᠳᠤ | ᠨᠡᠶᠢᠴᠡᠭᠰᠡᠨ ᠪᠠᠶᠢᠪᠠᠯ ᠵᠣᠬᠢᠨ᠎ᠠ᠄ 1. ᠬᠠᠤᠯᠢ ᠴᠠᠭᠠᠵᠠ ᠬᠠᠤᠯᠢ | ᠳᠦᠷᠢᠮ ᠪᠠ ᠲᠤᠰ ᠵᠣᠬᠢᠶᠠᠨ ᠪᠠᠶᠢᠭᠤᠯᠤᠯᠲᠠ ᠶᠢᠨ ᠳᠦᠷᠢᠮ ᠢ | ᠦᠨᠳᠦᠰᠦᠯᠡᠨ ᠪᠦᠲᠦᠴᠡ ᠶᠢ ᠵᠠᠰᠠᠨ ᠴᠡᠭᠴᠡᠯᠡᠵᠦ᠂ ᠬᠡᠷᠡᠭ | ᠡᠷᠬᠢᠯᠡᠭᠴᠢᠳ ᠤᠨ ᠵᠦᠪᠯᠡᠯ ᠡᠷᠴᠢᠮᠲᠡᠢ ᠰᠢᠢᠳᠪᠦᠷᠢ | ᠭᠠᠷᠭᠠᠵᠤ᠂ ᠬᠠᠷᠢᠭᠤᠴᠠᠯᠭᠠᠲᠠᠨ ᠤ ᠲᠤᠰᠢᠶᠠᠯ ᠡᠭᠦᠷᠭᠡ ᠨᠢ | ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠵᠤ᠂ | ᠬᠡᠷᠡᠭ ᠡᠷᠬᠢᠯᠡᠬᠦ ᠵᠥᠪᠯᠡᠯ ᠤᠨ ᠪᠦᠷᠢᠯᠳᠦᠬᠦᠨ ᠪᠠ | ᠬᠠᠷᠢᠭᠤᠴᠠᠯᠭᠠᠲᠠᠨ ᠨᠢ ᠲᠤᠰᠢᠶᠠᠯ ᠢᠶᠠᠨ ᠬᠢᠴᠢᠶᠡᠩᠭᠦᠢ | ᠭᠦᠢᠴᠡᠳᠬᠡᠳᠡᠭ᠂ ᠦᠨᠡᠨᠴᠢ ᠢᠲᠡᠭᠡᠮᠵᠢ ᠲᠠᠢ ᠪᠠᠶᠢᠬᠤ᠃ 2. | ᠬᠡᠷᠡᠭ ᠡᠷᠬᠢᠯᠡᠬᠦ ᠵᠥᠪᠯᠡᠯ ᠤᠨ ᠪᠦᠷᠢᠯᠳᠦᠬᠦᠨ ᠨᠢ ᠠᠳᠠᠯᠢ | ᠨᠢᠭᠡ ᠵᠣᠬᠢᠶᠠᠨ ᠪᠠᠶᠢᠭᠤᠯᠤᠯᠲᠠ ᠪᠣᠯᠣᠨ ᠬᠤᠭᠤᠷᠣᠨᠳᠤ ᠪᠠᠨ | ᠬᠤᠯᠪᠣᠭ᠎ᠠ ᠪᠦᠬᠦᠢ ᠬᠠᠷᠢᠯᠴᠠᠭ᠎ᠠ ᠲᠠᠢ ᠵᠣᠬᠢᠶᠠᠨ | ᠪᠠᠶᠢᠭᠤᠯᠤᠯᠲᠠ ᠠᠴᠠ ᠢᠷᠠᠯ ᠲᠠᠢ ᠬᠡᠰᠡᠭ ᠨᠢ ᠭᠤᠷᠪᠠᠨ ᠤ | ᠨᠢᠭᠡ ᠠᠴᠠ ᠳᠠᠪᠠᠵᠤ ᠪᠣᠯᠬᠤ ᠦᠭᠡᠢ᠂ ᠬᠤᠭᠤᠷᠣᠨᠳᠤ ᠪᠠᠨ | ᠣᠶᠢᠷ᠎ᠠ ᠰᠠᠳᠤᠨ ᠤ ᠬᠠᠷᠢᠯᠴᠠᠭ᠎ᠠ ᠲᠠᠢ ᠬᠥᠮᠥᠰ ᠬᠡᠷᠡᠭ | ᠡᠷᠬᠢᠯᠡᠬᠦ ᠵᠥᠪᠯᠡᠯ ᠳᠤ ᠴᠤᠭ ᠢᠶᠠᠷ ᠲᠤᠰᠢᠶᠠᠯ ᠡᠭᠦᠷᠭᠡᠯᠡᠬᠦ | ᠦᠭᠡᠢ ᠪᠠᠶᠢᠬᠤ᠃ 3. ᠬᠡᠷᠡᠭ ᠡᠷᠬᠢᠯᠡᠬᠦ ᠵᠥᠪᠯᠡᠯ ᠤᠨ | ᠪᠦᠷᠢᠯᠳᠦᠬᠦᠨ ᠳᠣᠲᠣᠷ᠎ᠠ ᠡᠬᠡ ᠭᠠᠵᠠᠷ ᠤᠨ ᠪᠤᠰᠤ ᠰᠠᠭᠤᠭᠠᠯᠢ | ᠠᠷᠠᠳ ᠭᠤᠷᠪᠠᠨ ᠤ ᠨᠢᠭᠡ ᠠᠴᠠ ᠳᠠᠪᠠᠵᠤ ᠪᠤᠯᠬᠤ ᠦᠭᠡᠢ᠂ ᠬᠠᠤᠯᠢ | ᠶᠣᠰᠣᠨ ᠤ ᠲᠥᠯᠥᠭᠡᠯᠡᠭᠴᠢ ᠶᠢ ᠡᠬᠡ ᠭᠠᠵᠠᠷ ᠤᠨ ᠰᠠᠭᠤᠭᠠᠯᠢ | ᠠᠷᠠᠳ ᠡᠭᠦᠷᠭᠡᠯᠡᠨ᠎ᠡ᠃ 4. ᠨᠠᠷᠢᠨ ᠪᠢᠴᠢᠭ ᠤᠨ ᠳᠠᠷᠤᠭ᠎ᠠ ᠨᠢ | ᠲᠤᠰᠬᠠᠢ ᠲᠤᠰᠢᠶᠠᠯ ᠲᠠᠢ ᠪᠠᠶᠢᠨ᠎ᠠ᠂ ᠬᠡᠷᠡᠭ | ᠡᠷᠬᠢᠯᠡᠭᠴᠢᠳ ᠤᠨ ᠳᠠᠷᠤᠭ᠎ᠠ ︵ᠨᠡᠶᠢᠭᠡᠮᠯᠢᠭ ᠤᠨ ᠳᠠᠷᠤᠭ᠎ᠠ︶᠂ | ᠨᠠᠷᠢᠨ ᠪᠢᠴᠢᠭ ᠤᠨ ᠳᠠᠷᠤᠭ᠎ᠠ ᠶᠢ ᠨᠢᠭᠡ ᠬᠥᠮᠥᠨ ᠬᠠᠪᠰᠤᠷᠭᠠᠨ | ᠡᠭᠦᠷᠭᠡᠯᠡᠵᠦ ᠪᠣᠯᠬᠤ ᠦᠭᠡᠢ᠃ ᠲᠤᠰ ᠪᠤᠶᠠᠨ ᠤ ᠵᠣᠬᠢᠶᠠᠨ | ᠪᠠᠶᠢᠭᠤᠯᠤᠯᠲᠠ ᠶᠢᠨ ᠠᠵᠢᠯᠯᠠᠭ᠎ᠠ ᠶᠠᠪᠤᠭᠤᠯᠬᠤ ᠳᠤ | ᠵᠣᠬᠢᠴᠠᠭᠰᠠᠨ ᠲᠤᠰᠬᠠᠢ ᠲᠤᠰᠢᠶᠠᠯᠲᠤ ᠠᠵᠢᠯᠲᠠᠨ ᠲᠠᠢ | ᠪᠠᠶᠢᠬᠤ᠃ 5. ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ | ᠪᠦᠷᠢᠳᠬᠡᠭᠦᠯᠦᠭᠰᠡᠨ ᠪᠤᠶᠠᠨ ᠤ ᠵᠣᠬᠢᠶᠠᠨ ᠪᠠᠶᠢᠭᠤᠯᠤᠯᠲᠠ ᠨᠢ | ᠭᠤᠷᠪᠠ ᠠᠴᠠ ᠳᠡᠭᠡᠭᠰᠢ ᠬᠢᠨᠠᠭᠴᠢ ᠠᠴᠠ ᠪᠦᠷᠢᠯᠳᠦᠭᠰᠡᠨ | ᠬᠢᠨᠠᠭᠴᠢ ᠶᠢᠨ ᠵᠥᠪᠯᠡᠯ ᠲᠠᠢ ᠪᠠᠶᠢᠨ᠎ᠠ᠃ 6. ᠬᠠᠤᠯᠢ ᠶᠣᠰᠣᠭᠠᠷ | ᠭᠠᠶᠢᠯᠢ ᠶᠢᠨ ᠳᠠᠩᠰᠠᠯᠠᠭᠤᠯᠤᠯᠲᠠ ᠬᠢᠵᠦ᠂ ᠭᠠᠶᠢᠯᠢ | ᠲᠤᠰᠢᠶᠠᠬᠤ ᠡᠭᠦᠷᠭᠡ ᠪᠠᠨ ᠭᠦᠢᠴᠡᠳᠬᠡᠨ᠎ᠡ᠃ 7. ᠲᠣᠭᠲᠠᠭᠠᠯ | ᠶᠣᠰᠣᠭᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠦᠨᠡᠯᠡᠯᠲᠡ ᠳᠤ ᠣᠷᠣᠯᠴᠠᠨ᠂ ᠦᠨᠡᠯᠡᠯᠲᠡ ᠶᠢᠨ ᠳ᠋ᠦᠩ ᠨᠢ | 3A ᠠᠴᠠ ᠳᠡᠭᠡᠭᠰᠢ ᠪᠠᠶᠢᠬᠤ᠃ 8. ᠭᠤᠶᠤᠴᠢᠯᠠᠬᠤ ᠦᠶ᠎ᠡ ᠳᠤ | ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠤᠭ᠎ᠠ ᠦᠭᠡᠢ | ᠪᠠᠶᠢᠬᠤ᠃ 9. ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ | ᠭᠤᠶᠤᠴᠢᠯᠠᠬᠤ ᠠᠴᠠ ᠡᠮᠦᠨᠡᠬᠢ ᠬᠤᠶᠠᠷ ᠵᠢᠯ ᠳᠤ᠂ | ᠨᠡᠶᠢᠭᠡᠮ ᠤᠨ ᠵᠣᠬᠢᠶᠠᠯ ᠪᠠᠶᠢᠭᠤᠯᠤᠯᠲᠠ ᠶᠢᠨ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠵᠥᠷᠢᠴᠡᠵᠦ ᠵᠠᠰᠠᠭ | ᠵᠠᠬᠢᠷᠭᠠᠨ ᠤ ᠰᠢᠢᠳᠬᠡᠯ ᠣᠯᠤᠭ᠎ᠠ ᠦᠭᠡᠢ᠂ ᠬᠠᠤᠯᠢ ᠴᠠᠭᠠᠵᠠ᠂ | ᠬᠠᠤᠯᠢ ᠳᠦᠷᠢᠮ᠂ ᠤᠯᠤᠰ ᠤᠨ ᠲᠥᠷᠥ ᠶᠢᠨ ᠪᠣᠳᠣᠯᠭ᠎ᠠ ᠠᠴᠠ | ᠵᠥᠷᠢᠴᠡᠭᠰᠡᠨ ᠪᠤᠰᠤᠳ ᠠᠵᠢᠯᠯᠠᠭ᠎ᠠ ᠦᠭᠡᠢ ᠪᠠᠶᠢᠬᠤ᠃ | ︵2︶ ︽ᠪᠤᠶᠠᠨ ᠤ ᠦᠢᠯᠡᠰ ᠤᠨ ᠬᠠᠤᠯᠢ︾ | ᠨᠡᠶᠢᠲᠡᠯᠡᠭᠳᠡᠬᠦ ᠠᠴᠠ ᠡᠮᠦᠨ᠎ᠡ ᠪᠠᠶᠢᠭᠤᠯᠤᠭᠰᠠᠨ ᠠᠯᠪᠠᠨ ᠤ | ᠬᠠᠨᠳᠢᠪ ᠤᠨ ᠪᠤᠰᠤ ᠰᠠᠭᠤᠷᠢ ᠮᠥᠩᠭᠦᠨ ᠤ ᠨᠡᠶᠢᠭᠡᠮᠯᠢᠭ ᠨᠢ᠂ | ᠠᠰᠠᠷᠠᠮᠵᠢ ᠶᠢᠨ ᠰᠢᠨᠵᠢ ᠲᠠᠢ ᠬᠠᠨᠳᠢᠪ ᠥᠭᠭᠦᠯᠭᠡ ᠶᠢᠨ | ᠭᠠᠶᠢᠯᠢ ᠶᠢᠨ ᠡᠮᠦᠨ᠎ᠡ ᠰᠠᠭᠤᠳᠬᠠᠬᠤ ᠬᠢᠷᠢ ᠬᠡᠮ ᠲᠠᠢ | ᠨᠡᠶᠢᠭᠡᠮ ᠤᠨ ᠪᠦᠯᠬᠦᠮ ᠪᠣᠯ᠂ ᠪᠦᠷᠬᠦᠭᠦᠯᠦᠭᠰᠡᠨ | ᠡᠳᠦᠷ ᠢᠶᠠᠷ ᠨᠢ ᠪᠦᠬᠦᠯᠢ ᠬᠤᠶᠠᠷ ᠵᠢᠯ ᠭᠦᠢᠴᠡᠭᠰᠡᠨ | ᠨᠥᠬᠦᠴᠡᠯ ᠲᠠᠢ ᠡᠬᠢᠯᠡᠯᠲᠡ ᠶᠢᠨ ᠴᠡᠭ ᠪᠣᠯᠭᠠᠨ᠎ᠠ᠂ | ᠪᠦᠷᠢᠳᠬᠡᠭᠡᠳ ᠪᠦᠬᠦᠯᠢ ᠬᠤᠶᠠᠷ ᠵᠢᠯ ᠪᠣᠯᠵᠤ᠂ ᠪᠤᠶᠠᠨ ᠤ | ᠵᠣᠬᠢᠶᠠᠨ ᠪᠠᠶᠢᠭᠤᠯᠤᠯᠲᠠ ᠪᠠᠷ ᠮᠠᠭᠠᠳᠯᠠᠭᠰᠠᠨ ᠪᠣᠯ᠂ | ᠳᠡᠭᠡᠷᠡᠬᠢ ᠨᠥᠬᠦᠴᠡᠯ ᠢᠶᠠᠷ ᠢᠯᠡ ᠪᠠᠷ ᠬᠠᠨᠳᠢᠪ | ᠴᠤᠭᠯᠠᠭᠤᠯᠬᠤ ᠬᠢᠷᠢ ᠬᠡᠮ ᠭᠤᠶᠤᠴᠢᠯᠠᠨ᠎ᠠ᠃ | ︵3︶ ︽ᠪᠤᠶᠠᠨ ᠤ ᠦᠢᠯᠡᠰ ᠤᠨ ᠬᠠᠤᠯᠢ︾ | ᠨᠡᠶᠢᠲᠡᠯᠡᠭᠳᠡᠬᠦ ᠠᠴᠠ ᠡᠮᠦᠨ᠎ᠡ ᠪᠦᠷᠢᠳᠬᠡᠭᠦᠯᠵᠦ | ᠪᠠᠶᠢᠭᠤᠯᠤᠭᠰᠠᠨ ᠨᠡᠶᠢᠲᠡ ᠶᠢᠨ ᠬᠠᠨᠳᠢᠪ ᠤᠨ ᠰᠠᠭᠤᠷᠢ | ᠮᠥᠩᠭᠦᠨ ᠤ ᠨᠡᠶᠢᠭᠡᠮᠯᠢᠭ ᠨᠢ ᠪᠤᠶᠠᠨ ᠤ ᠵᠣᠬᠢᠶᠠᠨ | ᠪᠠᠶᠢᠭᠤᠯᠤᠯᠲᠠ ᠶᠢᠨ ᠰᠢᠨᠵᠢ ᠴᠢᠨᠠᠷ ᠢ ᠬᠠᠷᠠᠭᠤᠯᠤᠭᠰᠠᠨ | ᠳᠠᠩᠰᠠᠯᠠᠭᠤᠯᠤᠯᠲᠠ ᠤᠨ ᠦᠨᠡᠮᠯᠡᠯ ᠢᠶᠠᠷ ᠢᠶᠠᠨ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠠᠴᠠ ᠢᠯᠡ ᠪᠠᠷ ᠬᠠᠨᠳᠢᠪ | ᠴᠤᠭᠯᠠᠭᠤᠯᠬᠤ ᠬᠢᠷᠢ ᠬᠡᠮ ᠤᠨ ᠦᠨᠡᠮᠯᠡᠯ ᠰᠢᠭᠤᠳ ᠭᠤᠶᠤᠴᠢᠯᠠᠵᠤ | ᠠᠪᠤᠨ᠎ᠠ᠃ | ᠲᠣᠬᠢᠷᠠᠭᠤᠯᠤᠭᠰᠠᠨ ᠦᠨᠳᠦᠰᠦᠯᠡᠯ᠄ | ︽ᠪᠤᠶᠠᠨ ᠤ ᠦᠢᠯᠡᠰ ᠤᠨ ᠬᠠᠤᠯᠢ︾᠂ ︽ᠪᠤᠶᠠᠨ ᠤ ᠵᠣᠬᠢᠶᠠᠨ | ᠪᠠᠶᠢᠭᠤᠯᠤᠯᠲᠠ ᠶᠢᠨ ᠢᠯᠡ ᠪᠠᠷ ᠬᠠᠨᠳᠢᠪ ᠴᠤᠭᠯᠠᠭᠤᠯᠬᠤ ᠶᠢ | ᠬᠠᠮᠢᠶᠠᠷᠬᠤ ᠠᠷᠭ᠎ᠠ︾ | | | | | |