ᠣᠷᠴᠣᠨ ᠤ ᠠᠷᠠᠳ ᠤᠨ ᠵᠠᠩ ᠵᠠᠩᠰᠢᠯ ᠬᠥᠮᠦᠰ ᠤᠨ ᠪᠠᠭ᠋ᠠᠷᠤᠯ ᠢ ᠲᠠᠲᠠᠨ᠎ᠠ
ᠨᠡᠶᠢᠲᠡᠯᠡᠭᠰᠡᠨ ᠴᠠᠭ᠄
2024/10/23
    ᠣᠷᠴᠣᠨ ᠦᠨᠳᠦᠰᠦᠲᠡᠨ ᠤᠷᠠᠨ ᠳᠡᠮᠲᠠᠢ᠂ ᠤᠨᠤᠵᠤ ᠬᠠᠷᠪᠤᠬᠤ ᠳᠠᠭᠠᠨ ᠴᠢᠳᠠᠮᠠᠭᠠᠶ᠂ ᠳᠠᠭᠤᠯᠠᠵᠤ ᠪᠥᠵᠢᠭᠯᠡᠬᠦ ᠳᠡᠭᠡᠨ ᠠᠪᠢᠶᠠᠰ ᠲᠠᠢ ᠂ ᠦᠨᠳᠦᠰᠦᠲᠡᠨ ᠤ ᠬᠥᠭᠵᠢᠯᠲᠡ ᠶᠢᠨ ᠣᠷᠳᠣ ᠤᠳᠠᠭᠠᠨ ᠶᠠᠪᠤᠴᠠ ᠳᠤ ᠬᠥᠮᠦᠰ ᠤᠨ ᠪᠠᠭ᠋ᠠᠷᠤᠯ ᠢ ᠲᠠᠲᠠᠭᠰᠠᠨ ᠣᠷᠴᠣᠨ ᠠᠷᠠᠳ ᠤᠨ ᠵᠠᠩ ᠦᠢᠯᠡ ᠶᠢ ᠡᠭᠦᠳᠦᠨ ᠪᠦᠲᠦᠭᠡᠭᠰᠡᠨ ᠮᠦᠷᠲᠡᠭᠡᠨ ᠪᠠᠶᠠᠯᠢᠭᠵᠢᠭᠤᠯᠤᠭᠰᠠᠨ ᠪᠠᠶᠢᠨ᠎ᠠ᠃    ᠭᠠᠯ ᠪᠣᠯ ᠠᠮᠢ ᠨᠠᠰᠤ᠂ ᠣᠢ ᠰᠢᠭᠤᠶ ᠪᠣᠯ ᠭᠡᠷ ᠣᠷᠣᠨ᠃ ᠣᠷᠴᠣᠨ ᠦᠨᠳᠦᠰᠦᠲᠡᠨ ᠤᠷᠳᠤ ᠬᠤᠭᠤᠴᠠᠭᠠᠨ ᠤ ᠠᠩ ᠠᠩᠨᠠᠯ ᠤᠨ ᠠᠮᠢᠳᠤᠷᠠᠯ ᠳᠠᠭᠠᠨ ᠭᠠᠯ ᠲᠠᠢ ᠰᠠᠯᠤᠰᠢ ᠦᠬᠡᠢ ᠪᠠᠷᠢᠯᠳᠤᠯᠭ᠎ᠠ ᠲᠠᠢ ᠪᠤᠯᠵᠤ᠂ ᠭᠠᠯ ᠢ ᠰᠢᠲᠦᠵᠦ ᠰᠠᠬᠢᠭᠤᠯᠰᠤᠨ ᠪᠣᠯᠭᠠᠨ᠂ ᠡᠯᠪᠡᠭ ᠬᠤᠷᠢᠶᠠᠯᠲᠠ ᠤᠯᠬᠤ ᠪᠦᠷᠢ ᠲᠦᠳᠡᠭ ᠭᠠᠯ ᠨᠣᠴᠣᠭᠠᠵᠤ᠂ ᠪᠠᠶᠠᠷ ᠪᠠᠶᠠᠰᠬᠤᠯᠠᠩ ᠲᠠᠢ ᠪᠦᠵᠢᠭ ᠪᠥᠵᠢᠭᠯᠡᠵᠦ᠂ ᠵᠢᠯ ᠪᠦᠷᠢ ᠶᠢᠨ 6 ᠰᠠᠷ᠎ᠠ ᠶᠢᠨ 18 ᠤ ᠡᠳᠦᠷ ᠪᠣᠯ ᠣᠷᠴᠣᠨ ᠤ ᠴᠤᠷ ᠤᠨ ᠭᠠᠭᠴᠠ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ — ᠲᠦᠳᠡᠭ ᠭᠠᠯ ᠤᠨ ᠪᠠᠶᠠᠷ ᠤᠨ ᠡᠳᠦᠷ ᠪᠣᠯᠤᠨ᠎ᠠ᠃ ᠲᠦᠳᠡᠭ ᠭᠠᠯ ᠤᠨ ᠪᠠᠶᠠᠷ ᠨᠢ ᠦᠨᠳᠦᠰᠦᠲᠡᠨ ᠤ ᠳᠠᠭᠤᠤ ᠪᠥᠵᠢᠭ ᠤᠨ ᠲᠣᠭᠯᠠᠯᠲᠠ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠥᠷᠢᠰᠥᠯᠳᠦᠭᠡᠨ᠂ ᠦᠨᠳᠦᠰᠦᠲᠡᠨ ᠤ ᠠᠵᠤ ᠠᠬᠤᠢ ᠰᠣᠶᠣᠯ ᠤᠨ ᠰᠤᠳᠤᠯᠭᠠᠨ᠂ ᠲᠦᠳᠡᠭ ᠭᠠᠯ ᠤᠨ ᠦᠳᠡᠰᠢᠯᠡᠭᠡ ᠵᠡᠷᠭᠡ ᠶᠢ ᠪᠠᠭᠲᠠᠭᠠᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠣᠷᠴᠣᠨ ᠤ ᠴᠤᠭ ᠵᠢᠪᠬᠤᠭ᠎ᠠ ᠶᠢ ᠳᠡᠯᠭᠡᠨ ᠦᠵᠡᠭᠦᠯᠬᠦ ᠦᠪᠡᠳᠡᠭᠰᠢ ᠴᠤᠭᠯᠠᠭᠠᠨ ᠪᠣᠯᠤᠭᠰᠠᠨ ᠪᠠᠶᠢᠨ᠎ᠠ᠃    ᠬᠤᠰᠤᠨ ᠮᠣᠳᠣᠨ ᠤ ᠬᠠᠯᠢᠰᠤ ᠪᠠᠷ ᠬᠢᠭᠰᠡᠨ ᠰᠠᠪᠠ ᠰᠠᠭᠠᠯᠢ ᠪᠣᠯ ᠣᠷᠴᠣᠨ ᠵᠡᠷᠭᠡ ᠤᠮᠠᠷᠠᠲᠤ ᠶᠢᠨ ᠠᠩ ᠠᠩᠨᠠᠯ ᠤᠨ ᠦᠨᠳᠦᠰᠦᠲᠡᠨ ᠳᠤ ᠣᠨᠴᠠ ᠪᠠᠶᠢᠳᠠᠭ ᠭᠠᠵᠠᠷ ᠣᠷᠣᠨ ᠤ ᠠᠷᠠᠳ ᠤᠨ ᠪᠠᠭᠠᠵᠢ ᠬᠡᠷᠡᠭᠰᠡᠯ ᠤᠨ ᠰᠣᠶᠣᠯ ᠪᠣᠯᠤᠨ᠎ᠠ᠃ ᠣᠷᠴᠣᠨ ᠦᠨᠳᠦᠰᠦᠲᠡᠨ ᠤ ᠤᠯᠠᠮᠵᠢᠯᠠᠯᠲᠤ ᠬᠤᠰᠤ ᠮᠣᠳᠣᠨ ᠤ ᠬᠠᠯᠢᠰᠤ ᠲᠠᠢ ᠠᠷᠠᠳ ᠤᠨ ᠬᠡᠷᠡᠭᠰᠡᠯ ᠳᠤ ᠭᠤᠣᠯᠳᠠᠭᠤ ᠠᠶᠠᠭ᠎ᠠ᠂ ᠰᠠᠭᠤᠯᠠᠭ᠎ᠠ᠂ ᠫᠧᠩᠰᠡ᠂ ᠬᠠᠶᠢᠷᠴᠠᠭ ᠵᠡᠷᠭᠡ ᠪᠠᠶᠢᠳᠠᠭ ᠪᠥᠭᠡᠳ ᠬᠢᠬᠦ ᠳᠡᠭᠡᠨ ᠭᠤᠶᠢᠳᠠ ᠰᠠᠶᠢᠬᠠᠨ᠂ ᠰᠡᠳᠬᠢᠮᠵᠢ ᠨᠢ ᠥᠪᠡᠷᠮᠢᠴᠡ᠂  ᠬᠡᠷᠡᠭᠯᠡᠬᠦ ᠳᠤ ᠲᠦᠭᠦᠮ᠂ ᠤᠰᠤᠨ ᠪᠠ  ᠮᠥᠷᠭᠦᠯᠳᠦᠬᠦ ᠠᠴᠠ ᠰᠡᠷᠭᠡᠶᠢᠯᠡᠬᠦ᠂ ᠤᠤᠯ ᠮᠠᠲ᠋ᠧᠷᠢᠶᠠᠯ ᠢ ᠠᠪᠬᠤ ᠳᠤ ᠠᠮᠠᠷᠬᠠᠨ ᠵᠡᠷᠭᠡ ᠳᠠᠪᠠᠭᠤᠯᠢᠭ ᠲᠠᠯ᠎ᠠ ᠲᠠᠢ ᠪᠠᠶᠢᠵᠤ᠂ ᠳᠤᠮᠳᠠᠳᠤ ᠤᠯᠤᠰ ᠲᠤ ᠲᠡᠷᠡᠴᠢᠯᠡᠨ ᠳᠡᠯᠡᠬᠡᠶ ᠶᠢᠨ ᠠᠷᠠᠳ ᠤᠨ ᠬᠡᠷᠡᠭᠰᠡᠯ ᠤᠨ ᠲᠡᠦᠬᠡᠨ ᠳᠡᠭᠡᠷ᠎ᠡ ᠴᠦ ᠥᠪᠡᠷᠮᠢᠴᠡ ᠲᠡᠦᠬᠡᠨ ᠪᠠᠶᠢᠷᠢ ᠰᠠᠭᠤᠷᠢ ᠶᠢ ᠡᠵᠡᠯᠡᠵᠦ ᠪᠠᠶᠢᠳᠠᠭ᠃
ᠢᠷᠡᠯᠲᠡ᠄ ᠤᠷᠴᠥᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ