ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 5 | ᠰᠠᠯᠠᠭ᠎ᠠ ᠮᠥᠴᠢᠷ ︽ᠪᠥᠬᠦ ᠣᠷᠣᠨ ᠤ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢᠶᠠᠷ ᠰᠢᠨ᠎ᠡ ᠶᠢ ᠰᠣᠯᠢᠬᠤ ᠨᠡᠮᠡᠭᠦᠷᠢ ᠶᠢᠨ ᠠᠵᠢᠯ ᠢ ᠲᠦᠷᠭᠡᠳᠬᠡᠨ ᠠᠬᠢᠭᠤᠯᠬᠤ | ᠲᠤᠬᠠᠶ ᠮᠡᠳᠡᠭᠳᠡᠯ︾ ᠢ ᠨᠡᠶᠢᠲᠡᠯᠡᠪᠡ᠃ | ᠨᠡᠮᠡᠭᠦᠷᠢ ᠶᠢᠨ ᠵᠦᠢᠯ ᠤᠨ ᠲᠠᠯ᠎ᠠ ᠪᠠᠷ᠂ ᠬᠡᠷᠡᠭᠯᠡᠭᠴᠢ ᠬᠤᠪᠢ ᠬᠥᠮᠦᠨ ᠲᠧᠯᠸᠢᠰ᠂ ᠠᠭᠠᠷ ᠲᠣᠬᠢᠷᠠᠭᠤᠯᠤᠭᠴᠢ᠂ ᠤᠲᠤᠭ᠎ᠠ ᠰᠣᠷᠣᠬᠤ ᠮᠠᠰᠢᠨ ᠵᠡᠷᠭᠡ 15 | ᠲᠥᠷᠥᠯ ᠤᠨ ᠦᠢᠯᠡᠳᠬᠦᠨ ᠬᠤᠳᠠᠯᠳᠤᠨ ᠠᠪᠬᠤ ᠳᠤ ᠨᠢ ᠨᠡᠮᠡᠭᠦᠷᠢ ᠣᠯᠭᠤᠨ᠎ᠠ᠃ ᠨᠥᠬᠦᠴᠡᠯ ᠲᠠᠢ ᠠᠶᠢᠮᠠᠭ ᠬᠤᠲᠠ ᠶᠢᠨ ᠬᠢᠨ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤ ᠪᠠᠨ ᠲᠣᠬᠢᠷᠠᠭᠤᠯᠤᠨ ᠪᠠᠭᠤᠳᠠᠯ ᠤᠨ ᠲᠧᠯᠸᠢᠰ ᠤᠨ ᠦᠵᠦᠭᠦᠷ ᠢ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠨᠡᠮᠡᠭᠦᠷᠢ | ᠣᠯᠭᠤᠬᠤ ᠬᠡᠪᠴᠢᠶᠡᠨ ᠳᠤ ᠣᠷᠣᠭᠤᠯᠬᠤ ᠶᠢ ᠵᠣᠷᠢᠭᠵᠢᠭᠤᠯᠬᠤ ᠬᠡᠷᠡᠭᠲᠡᠶ᠃ ᠨᠡᠮᠡᠭᠦᠷᠢ ᠣᠯᠭᠤᠬᠤ ᠪᠠᠷᠢᠮᠵᠢᠶ᠎ᠠ ᠶᠢᠨ ᠲᠠᠯ᠎ᠠ ᠪᠠᠷ᠂ ᠬᠡᠷᠡᠭᠯᠡᠭᠴᠢ ᠬᠤᠪᠢ ᠬᠥᠮᠦᠨ | ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠲᠠᠢ ᠬᠡᠷ ᠤᠨ ᠴᠠᠬᠢᠯᠭᠠᠨ | ᠬᠡᠷᠡᠭᠰᠡᠯ ᠤᠨ ᠦᠢᠯᠡᠳᠭᠦᠨ ᠢ ᠬᠤᠳᠠᠯᠳᠤᠨ ᠠᠪᠤᠪᠠᠯ᠂ ᠨᠡᠮᠡᠭᠦᠷᠢ ᠣᠯᠭᠤᠬᠤ ᠪᠠᠷᠢᠮᠵᠢᠶ᠎ᠠ ᠨᠢ ᠦᠢᠯᠡᠳᠬᠦᠨ ᠤ ᠬᠠᠮᠤᠭ ᠡᠴᠦᠰ ᠤᠨ ᠪᠤᠷᠤᠯᠠᠭᠤᠯᠤᠭᠰᠠᠨ ᠦᠨ᠎ᠡ | ᠬᠠᠩᠰᠢ ᠶᠢᠨ 15%᠂ ᠨᠢᠭᠡᠳᠦᠭᠡᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠪᠠ ᠬᠡᠷ ᠤᠨ | ᠴᠠᠬᠢᠯᠭᠠᠨ ᠬᠡᠷᠡᠭᠰᠡᠯ ᠤᠨ ᠦᠢᠯᠡᠳᠭᠦᠨ ᠢ ᠬᠤᠳᠠᠯᠳᠤᠨ ᠠᠪᠤᠪᠠᠯ᠂ ᠦᠢᠯᠡᠳᠭᠦᠨ ᠤ ᠬᠠᠮᠤᠭ ᠡᠴᠦᠰ ᠤᠨ ᠪᠣᠷᠣᠯᠠᠭᠤᠯᠬᠤ ᠦᠨ᠎ᠡ ᠬᠠᠩᠰᠢ ᠶᠢᠨ 5% ᠪᠠᠷ ᠢᠯᠡᠭᠦᠴᠡ | ᠨᠡᠮᠡᠭᠦᠷᠢ ᠣᠯᠭᠤᠨ᠎ᠠ᠃ ᠬᠡᠷᠡᠭᠯᠡᠭᠴᠢᠳ ᠨᠢᠭᠡᠪᠦᠷᠢ ᠶᠢᠨ ᠨᠢᠭᠡ ᠲᠦᠷᠦᠯ ᠤᠨ ᠦᠢᠯᠡᠳᠭᠦᠨ ᠤ ᠨᠢᠭᠡ ᠳᠤ ᠨᠢ ᠨᠡᠮᠡᠭᠦᠷᠢ ᠣᠯᠭᠤᠵᠦ᠂ ᠵᠦᠢᠯ ᠪᠦᠷᠢ ᠶᠢᠨ ᠨᠡᠮᠡᠭᠦᠷᠢ ᠨᠢ | 2000 ᠲᠥᠭᠦᠷᠢᠭ ᠠᠴᠠ ᠳᠠᠪᠠᠭᠤᠯᠬᠤ ᠥᠬᠡᠶ᠂ ᠨᠡᠮᠡᠭᠦᠷᠢ ᠣᠯᠭᠤᠬᠤ ᠬᠤᠭᠤᠴᠠᠭ᠎ᠠ ᠶᠢ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ | ︵ᠬᠤᠳᠠᠯᠳᠤᠭᠠᠨ ᠤ ᠶᠠᠪᠤᠳᠠᠯ ᠤᠨ ᠲᠢᠩᠬᠢᠮ︶ |