| | 10 ᠳ᠋ᠤᠭᠠᠷ ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ | ᠡᠷᠭᠢᠯᠡᠭᠰᠡᠨ ᠲᠦᠷᠦᠭᠦᠤ ᠭᠤᠷᠪᠠᠨ ᠤᠯᠠᠷᠢᠯ ᠳᠠᠬᠢ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠄ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 17875.5 ᠳ᠋ᠦᠩᠰᠢᠭᠤᠷ | ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠡᠢ᠃ ᠠᠵᠤ ᠦᠢᠯᠡᠰ ᠢᠶᠠᠷ | ᠢᠯᠭᠠᠨ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 846.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9012.5 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 8017.0 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠪᠡ᠃ ᠡᠨᠡ ᠵᠢᠯ ᠠᠴᠠ ᠨᠠᠭᠠᠰᠢ᠂ ᠪᠦᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ | ᠰᠢᠵᠢᠮ ᠢᠶᠠᠨ ᠪᠣᠯᠭᠠᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠦᠨᠳᠦᠰᠦᠨ ᠵᠣᠷᠢᠭ ᠰᠠᠨᠠᠭ᠎ᠠ ᠶᠢ ᠪᠠᠷᠢᠮᠲᠠᠯᠠᠨ᠂ ᠥᠭᠡᠷᠡᠴᠢᠯᠡᠯᠲᠡ ᠶᠢ | ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠦᠳᠡᠯᠭᠡᠭᠴᠢ ᠬᠦᠴᠦᠨ ᠪᠣᠯᠭᠠᠵᠤ᠂ ᠬᠦᠴᠢᠷ ᠢ ᠰᠥᠷᠦᠨ ᠤᠷᠤᠭᠰᠢᠯᠠᠵᠤ᠂ ᠢᠳᠡᠪᠬᠢᠲᠡᠢ ᠠᠵᠢᠯᠯᠠᠨ᠂ | ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠲᠦᠷᠭᠡᠳᠬᠡᠨ ᠬᠡᠷᠡᠭᠵᠢᠭᠦᠯᠵᠦ᠂ ᠪᠦᠬᠦ ᠣᠷᠣᠨ ᠤ ᠠᠵᠤ | ᠠᠬᠤᠢ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠶᠡᠷᠦᠩᠬᠡᠢ ᠳᠤ ᠪᠠᠨ ᠲᠣᠭᠲᠠᠭᠤᠨ ᠪᠠᠶᠢᠨ᠎ᠠ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠲᠠᠷᠢᠶᠠᠯᠠᠩ᠂ ᠣᠶ ᠰᠢᠭᠤᠢ᠂ ᠮᠠᠯ ᠠᠵᠤ | ᠠᠬᠤᠢ᠂ ᠵᠢᠭᠠᠰᠤᠨ ᠠᠵᠤ ᠠᠬᠤᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ | ᠪᠠᠶᠢᠳᠠᠯ ᠨᠡᠯᠢᠶᠡᠳ ᠰᠠᠶᠢᠨ ᠪᠠᠶᠢᠵᠤ᠂ ᠨᠠᠮᠤᠷ ᠤᠨ ᠬᠤᠷᠢᠶᠠᠯᠲᠠ ᠶᠢᠨ ᠠᠵᠢᠯ ᠡᠮᠬᠢ ᠵᠢᠷᠤᠮ ᠲᠠᠢ ᠠᠬᠢᠵᠤ ᠪᠤᠢ︔ ᠭᠤᠷᠪᠠᠳᠤᠭᠠᠷ ᠤᠯᠠᠷᠢᠯ ᠤᠨ ᠰᠡᠭᠦᠯᠴᠢ ᠪᠣᠯᠲᠠᠯ᠎ᠠ᠂ | ᠪᠥᠬᠦ ᠣᠷᠣᠨ ᠤ ᠠᠮᠢᠳᠤ ᠭᠠᠭ᠋ᠠᠢ ᠶᠢᠨ ᠲᠤᠭ᠎ᠠ 634.6 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0 ᠢᠶᠠᠷ ᠨᠡᠮᠡᠭᠳᠡᠪᠡ︔ ᠦᠬᠡᠷ ᠤᠨ ᠲᠤᠭ᠎ᠠ | 948.4 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠢᠶᠠᠷ ᠨᠡᠮᠡᠭᠳᠡᠪᠡ︔ ᠬᠤᠨᠢ ᠢᠮᠠᠭᠠᠨ ᠤ ᠲᠤᠭ᠎ᠠ 6353.9 ᠲᠦᠮᠡ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠭᠠᠭ᠋ᠠᠢ᠂ ᠦᠬᠡᠷ᠂ ᠬᠤᠨᠢ ᠢᠮᠠᠭ᠎ᠠ᠂ | ᠵᠢᠭᠦᠷᠲᠡᠨ ᠤ ᠮᠢᠬᠠᠨ ᠤ ᠭᠠᠷᠤᠯᠲᠠ 199.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠢᠶᠠᠷ ᠨᠡᠮᠡᠭᠳᠡᠪᠡ᠃ ᠠᠵᠤ | ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ᠃ ᠭᠤᠷᠪᠠᠨ ᠶᠡᠭᠡ ᠲᠦᠷᠦᠯ ᠤᠨ ᠠᠵᠤ ᠦᠢᠯᠡᠳᠪᠦᠷᠢ ᠪᠠᠷ | ᠢᠯᠭᠠᠨ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 5.2 ᠢᠶᠠᠷ ᠨᠡᠮᠡᠭᠳᠡᠵᠦ᠂ ᠦᠢᠯᠡᠳᠬᠦ | ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.0% ᠢᠶᠠᠷ ᠨᠡᠮᠡᠭᠳᠡᠨ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ | ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9. 9% ᠪᠠᠷ ᠨᠡᠮᠡᠭᠳᠡᠵᠡᠢ᠃ | ᠦᠢᠯᠡᠳᠬᠦ ᠦᠢᠯᠡᠰ ᠤᠨ ᠳᠣᠲᠣᠷ᠎ᠠ᠂ ᠲᠣᠨᠤᠭ ᠲᠦᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.8% ᠪᠠᠷ | ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 31.6 ᠪᠠᠷ ᠨᠡᠮᠡᠭᠳᠡᠵᠡᠢ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠪᠣᠯᠬᠤ ᠦᠢᠯᠡᠳᠬᠦᠨ ᠦᠢᠯᠡᠳᠪᠦᠷᠢᠯᠡᠭᠰᠡᠨ ᠬᠡᠮᠵᠢᠶ᠎ᠡ ᠠᠴᠠ ᠦᠵᠡᠪᠡᠯ᠂ | ᠪᠦᠬᠦ ᠣᠷᠣᠨ ᠤ ᠨᠡᠭᠦᠷᠡᠰᠦᠨ ᠤ ᠭᠠᠷᠤᠯᠲᠠ 9.5 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6 ᠪᠠᠷ ᠨᠡᠮᠡᠭᠳᠡᠪᠡ︔ ᠴᠠᠬᠢᠯᠭᠠᠨ | ᠭᠠᠷᠭᠠᠭᠰᠠᠨ ᠬᠡᠮᠵᠢᠶ᠎ᠡ 5990.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.6 ᠪᠠᠷ ᠨᠡᠮᠡᠭᠳᠡᠪᠡ︔ ᠪᠣᠯᠣᠳ | ᠮᠠᠲ᠋ᠧᠷᠢᠶᠠᠯ ᠪᠣᠯᠪᠠᠰᠤᠷᠠᠭᠤᠯᠤᠭᠰᠠᠨ ᠬᠡᠮᠵᠢᠶ᠎ᠡ 2550.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠪᠡ︔ ᠬᠤᠪᠣᠷ | ᠰᠢᠷᠣᠢ ᠶᠢᠨ ᠨᠢᠭᠡᠳᠪᠦᠷᠢ ᠪᠠ ᠣᠯᠠᠨ ᠲᠠᠯᠠᠰᠲᠤ ᠴᠠᠬᠢᠭᠤᠷ ᠦᠢᠯᠡᠳᠪᠦᠷᠢᠯᠡᠭᠰᠡᠨ ᠬᠡᠮᠵᠢᠶ᠎ᠡ ᠲᠣᠰ ᠲᠣᠰ 2.4 ᠳᠠᠬᠢᠨ ᠪᠠ 1.2 ᠳᠠᠬᠢᠨ ᠨᠡᠮᠡᠭᠳᠡᠪᠡ᠃ ᠡᠭᠦᠨ ᠳᠤ᠂ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1105.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20. | 9% ᠪᠠᠷ ᠨᠡᠮᠡᠭᠳᠡᠵᠡᠢ᠃ ᠦᠢᠯᠡᠴᠢᠯᠡᠭᠡᠨ ᠤ ᠦᠢᠯᠡᠰ ᠦᠷᠭᠦᠯᠵᠢᠯᠡᠨ ᠦᠷᠨᠢᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠦᠢᠯᠡᠴᠢᠯᠡᠭᠡᠨ ᠤ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠦᠮᠦᠷᠭᠡᠯᠡᠨ | ᠬᠠᠳᠠᠭᠠᠯᠠᠬᠤ ᠪᠠ ᠰᠢᠤᠳᠠᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠵᠦ᠂ ᠮᠥᠩᠭᠦᠨ ᠭᠦᠢᠯᠭᠡᠭᠡᠨ ᠤ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠡᠢ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ | ᠲᠣᠭᠲᠠᠭᠤᠨ ᠪᠠᠶᠢᠯᠭᠠᠬᠤ ᠶᠢᠨ ᠳᠠᠭᠠᠤ ᠲᠦᠷᠭᠡᠳᠬᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ︵ᠲᠠᠷᠢᠶᠠᠴᠢᠨ ᠡᠷᠦᠬᠡ ᠪᠠᠭᠲᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ 11.0 ᠢᠶᠠᠷ ᠨᠡᠮᠡᠭᠳᠡᠵᠦ᠂ 1 — 8 ᠳ᠋ᠤᠭᠠᠷ ᠰᠠᠷ᠎ᠠ ᠶᠢᠨ ᠬᠢ ᠠᠴᠠ 0.6 | ᠵᠠᠭᠤᠨ ᠤ ᠴᠡᠭ ᠢᠶᠠᠷ ᠳᠡᠭᠡᠭᠰᠢᠯᠡᠵᠡᠢ᠃ ᠭᠤᠣᠯᠳᠠᠯᠭ᠎ᠠ ᠪᠣᠯᠬᠤ ᠪᠡᠯᠡ ᠣᠷᠣᠭᠤᠯᠤᠯᠲᠠ ᠪᠠᠷ ᠢᠯᠭᠠᠨ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠵᠡᠢ᠃ ᠠᠵᠤ ᠦᠢᠯᠡᠰ ᠢᠶᠠᠷ ᠢᠯᠭᠠᠨ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 59.8% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.6 ᠪᠠᠷ | ᠨᠡᠮᠡᠭᠳᠡᠵᠡᠢ᠃ ᠬᠤᠶᠠᠳᠤᠭᠠᠷ ᠠᠵᠤ ᠦᠢᠯᠡᠰ ᠤᠨ ᠳᠣᠲᠣᠷ᠎ᠠ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12. | 2% ᠢᠶᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠬᠤᠪᠢ ᠨᠡᠮᠡᠷᠢᠯᠡᠭᠰᠡᠨ ᠨᠣᠷᠮ᠎ᠠ ᠨᠢ 65.4% ᠳᠤ ᠬᠦᠷᠴᠡᠢ᠃ ᠵᠠᠬ᠎ᠠ ᠳᠡᠯᠭᠡᠭᠦᠷ ᠤᠨ | ᠪᠣᠷᠤᠯᠠᠭᠤᠯᠭ᠎ᠠ ᠲᠣᠭᠲᠠᠭᠤᠨ ᠢᠶᠠᠷ ᠳᠡᠭᠡᠭᠰᠢᠯᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠵᠦᠢᠯᠡᠰ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 3909.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4 ᠪᠠᠷ ᠨᠡᠮᠡᠭᠳᠡᠨ᠂ 1 — 8 | ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠴᠡᠭ ᠢᠶᠠᠷ ᠲᠦᠷᠭᠡᠳᠪᠡ᠃ ᠡᠵᠡᠩᠨᠡᠵᠦ ᠪᠦᠬᠦᠢ ᠨᠢᠭᠡᠴᠢ ᠶᠢᠨ ᠪᠠᠶᠢᠭ᠎ᠠ ᠭᠠᠵᠠᠷ ᠢᠶᠠᠷ ᠢᠯᠭᠠᠨ ᠬᠤᠪᠢᠶᠠᠵᠤ ᠦᠵᠡᠪᠡᠯ᠂ | ᠬᠤᠲᠠ ᠪᠠᠯᠭᠠᠰᠤᠨ ᠤ ᠬᠡᠷᠡᠭᠯᠡᠭᠡ ᠶᠢᠨ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.3 ᠪᠠᠷ ᠨᠡᠮᠡᠭᠳᠡᠵᠦ᠂ ᠬᠥᠳᠡᠭᠡ | ᠲᠣᠰᠬᠤᠨ ᠤ ᠬᠡᠷᠡᠭᠯᠡᠭᠡ ᠶᠢᠨ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃ ᠡᠭᠦᠨ ᠤ ᠬᠠᠮᠲᠤ᠂ | ᠪᠥᠬᠦ ᠣᠷᠣᠨ ᠤ ᠬᠢᠵᠠᠭᠠᠷᠯᠠᠬᠤ ᠬᠡᠪᠴᠢᠶᠡᠨ ᠠᠴᠠ ᠳᠠᠪᠠᠭᠤᠯᠤᠭᠰᠠᠨ ᠨᠢᠭᠡᠴᠢ ᠶᠢᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠯᠡᠭᠡ ᠶᠢᠨ ᠵᠦᠢᠯᠡᠰ ᠤᠨ ᠲᠥᠷᠥᠯ᠂ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠷᠥᠯ᠂ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 63.5%᠂ 79.3% ᠪᠠ 89.3 ᠪᠠᠷ ᠨᠡᠮᠡᠭᠳᠡᠪᠡ᠃ ᠰᠠᠭᠤᠭᠠᠯᠢ ᠠᠷᠠᠳ ᠤᠨ ᠣᠷᠣᠯᠭ᠎ᠠ | ᠲᠣᠭᠲᠠᠭᠤᠨ ᠢᠶᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ | 29724 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠢᠶᠠᠷ ᠬᠠᠷᠢᠴᠠᠩᠭᠤᠢ ᠨᠡᠮᠡᠭᠳᠡᠵᠡᠢ᠃ ᠪᠠᠶᠢᠩᠭᠤ ᠰᠠᠭᠤᠭ᠎ᠠ ᠭᠠᠵᠠᠷ ᠢᠶᠠᠷ ᠢᠯᠭᠠᠨ | ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 39070 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 4.3% ᠪᠠᠷ ᠬᠠᠷᠢᠴᠠᠩᠭᠤᠢ ᠨᠡᠮᠡᠭᠳᠡᠵᠡᠢ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ | ᠡᠵᠡᠮᠳᠡᠵᠦ ᠪᠣᠯᠬᠤ ᠣᠷᠣᠯᠭ᠎ᠠ 14753 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠬᠠᠷᠢᠴᠠᠩᠭᠤᠢ ᠨᠡᠮᠡᠭᠳᠡᠪᠡ᠃ |