| ᠤᠯᠠᠭᠠᠨᠬᠠᠳᠠ ᠬᠤᠲᠠ ︽ᠪᠡᠭᠡᠵᠢᠩ ᠤᠯᠠᠭᠠᠨᠬᠠᠳᠠ ᠶᠢᠨ ᠬᠠᠪᠰᠤᠷᠤᠯᠭ᠎ᠠ ᠳᠡᠮᠵᠢᠯᠭᠡ︾ ᠶᠢᠨ ᠪᠣᠷᠣ ᠲᠥᠯᠥᠪ ᠲᠤ ᠢᠳᠡᠪᠬᠢᠲᠡᠢ ᠠᠭᠤᠰᠤᠯᠴᠠᠪᠠ᠃ ︽ | ᠤᠯᠠᠭᠠᠨᠬᠠᠳᠠ ᠶᠢᠨ ᠰᠢᠯᠢᠳᠡᠭ ᠭᠠᠷᠤᠯᠲᠠ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠬᠤᠳᠠᠯᠳᠤᠭᠠᠨ ᠤ ᠶᠠᠪᠤᠳᠠᠯ ᠤᠨ ᠶᠠᠮᠤᠨ | ᠵᠡᠷᠭᠡ ᠤᠯᠤᠰ ᠤᠨ ᠶᠠᠮᠤᠨ ᠵᠥᠪᠯᠡᠯ᠂ ᠨᠢᠭᠡᠴᠢ ᠵᠢᠴᠢ ᠪᠡᠭᠡᠵᠢᠩ ᠬᠤᠲᠠ ᠶᠢᠨ ᠭᠤᠤᠯᠳᠠᠯᠭ᠎ᠠ ᠪᠣᠯᠬᠤ ᠠᠵᠤ ᠠᠬᠤᠶᠢᠯᠠᠯ ᠯᠤᠭ᠎ᠠ ᠤᠯᠠᠭᠠᠨᠬᠠᠳᠠ ᠶᠢᠨ ᠰᠢᠯᠢᠳᠡᠭ | ᠭᠠᠷᠤᠯᠲᠠ ᠪᠦᠲᠦᠭᠡᠭᠳᠡᠬᠦᠨ ᠤ ︽ᠵᠢᠷᠭᠤᠭᠠᠨ ᠵᠦᠢᠯ ᠢ ᠣᠷᠣᠭᠤᠯᠬᠤ︾ ᠪᠡᠭᠡᠵᠢᠩ ᠤᠨ ᠬᠠᠮᠲᠤᠷᠠᠯᠴᠠᠭᠠᠨ ᠤ ᠵᠥᠪᠯᠡᠯᠴᠡᠭᠡᠷ ᠢ ᠲᠣᠭᠲᠠᠵᠤ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠳᠤ ᠬᠤᠯᠪᠣᠭᠳᠠᠭᠰᠠᠨ ᠪᠦᠲᠦᠭᠡᠭᠳᠡᠬᠦᠨ 47 ᠪᠠᠶᠢᠵᠤ᠂ ᠬᠤᠳᠠᠯᠳᠤᠨ ᠠᠪᠤᠭᠰᠠᠨ ᠵᠣᠭᠤᠰ ᠤᠨ ᠲᠤᠭ᠎ᠠ 35.29 ᠳ᠋ᠦᠩᠰᠢᠭᠤᠷ | ᠲᠥᠭᠦᠷᠢᠭ ᠲᠤ ᠬᠦᠷᠴᠡᠶ᠃ ᠡᠭᠦᠨ ᠤ ᠬᠠᠮᠲᠤ᠂ ᠪᠡᠭᠡᠵᠢᠩ ᠬᠤᠲᠠ ᠶᠢᠨ ᠠᠵᠤ ᠠᠬᠤᠶᠢᠯᠠᠯ ᠯᠤᠭ᠎ᠠ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ | ᠬᠠᠮᠲᠤᠷᠠᠯᠴᠠᠭᠠᠨ ᠤ 26 ᠲᠥᠷᠥᠯ ᠵᠦᠢᠯ ᠤᠨ ᠵᠥᠪᠯᠡᠯᠴᠡᠭᠡᠷ ᠢ ᠲᠣᠭᠲᠠᠵᠤ᠂ ᠵᠥᠪᠯᠡᠯᠴᠡᠭᠡᠷ ᠤᠨ ᠵᠣᠭᠤᠰ ᠤᠨ ᠲᠤᠭ᠎ᠠ 128.24 ᠳ᠋ᠦᠩᠰᠢᠭᠤᠷ ᠲᠥᠭᠦᠷᠢᠭ ᠲᠤ | ᠬᠦᠷᠴᠡᠶ᠃ ︽ᠤᠯᠠᠭᠠᠨᠬᠠᠳᠠ ᠶᠢᠨ ᠰᠠᠭᠤᠷᠢᠨ ᠭᠠᠵᠠᠷ + ᠪᠡᠭᠡᠵᠢᠩ ᠤᠨ ᠵᠠᠬ᠎ᠠ ᠳᠡᠯᠭᠡᠭᠦᠷ︾ ᠤᠨ ᠬᠠᠩᠭᠠᠨ ᠪᠣᠷᠣᠯᠠᠭᠤᠯᠬᠤ ᠵᠠᠭᠪᠤᠷ ᠢ ᠰᠦᠪᠡᠭᠴᠢᠯᠡᠨ ᠪᠠᠶᠢᠭᠤᠯᠵᠤ᠂ | ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠪᠠᠶᠢᠳᠠᠯ︾ ᠬᠡᠮᠡᠬᠦ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠪᠡᠭᠡᠵᠢᠩ ᠬᠤᠲᠠ ᠶᠢᠨ ᠹᠧᠩᠲ᠋ᠠᠢ ᠲᠣᠭᠤᠷᠢᠭ᠂ ᠲᠦᠩᠵᠸᠦ ᠲᠣᠭᠤᠷᠢᠭ᠂ ᠴᠠᠩᠫᠢᠩ ᠲᠣᠭᠤᠷᠢᠭ ᠲᠤ ᠤᠯᠠᠭᠠᠨᠬᠠᠳᠠ ᠶᠢᠨ ᠪᠦᠲᠦᠭᠡᠭᠳᠡᠬᠦᠨ ᠤ | ᠰᠢᠭᠤᠳ ᠡᠵᠡᠩᠨᠡᠯᠲᠡ ᠶᠢᠨ ᠳᠡᠯᠭᠡᠭᠦᠷ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠪᠦᠲᠦᠭᠡᠭᠳᠡᠬᠦᠨ ᠤ ᠰᠢᠯᠭᠠᠨ ᠲᠣᠭᠲᠠᠭᠠᠬᠤ ᠳᠡᠯᠭᠡᠭᠦᠷ᠂ ᠲᠥᠪᠯᠡᠷᠡᠭᠦᠯᠦᠨ | ᠬᠤᠳᠠᠯᠳᠤᠨ ᠠᠪᠬᠤ ᠲᠥᠪ ᠵᠡᠷᠭᠡ ᠶᠢ ᠪᠠᠶᠢᠭᠤᠯᠵᠤ᠂ ᠤᠯᠠᠭᠠᠨᠬᠠᠳᠠ ᠶᠢᠨ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠪᠣᠷᠣᠯᠠᠭᠤᠯᠭ᠎ᠠ ᠶᠢᠨ ᠬᠡᠪᠴᠢᠶᠡᠵᠢᠯ ᠢ ᠥᠷᠭᠡᠳᠬᠡᠪᠡ᠃ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠴᠤ | ᠵᠠᠯᠭᠠᠭᠤᠯᠵᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠰᠢᠭᠯᠠᠨ᠂ ᠪᠡᠭᠡᠵᠢᠩ ᠲᠢᠶᠠᠨᠵᠢᠨ ᠾᠧᠪᠧᠶ ᠭᠠᠵᠠᠷ | ᠣᠷᠣᠨ ᠯᠤᠭ᠎ᠠ ᠶᠢᠨ ᠬᠠᠮᠲᠤᠷᠠᠯᠴᠠᠭᠠᠨ ᠤ ᠳᠡᠰ ᠱᠠᠲᠤ ᠶᠢ ᠳᠡᠭᠡᠭᠰᠢᠯᠡᠭᠦᠯᠪᠡ᠂ ᠣᠳᠣᠬᠠᠨ ᠳᠤ ᠱᠸᠦ ᠨᠥᠩ᠂ ᠵᠥᠩ ᠯᠢᠶᠠᠩ᠂ ᠤᠣ ᠼᠠᠩ ᠵᠡᠷᠭᠡ ᠪᠡᠭᠡᠵᠢᠩ ᠤᠨ | 48 ᠠᠵᠤ ᠠᠬᠤᠶᠢᠯᠠᠯ ᠵᠠᠯᠭᠠᠭ᠎ᠠ ᠪᠠᠷ ᠤᠯᠠᠭᠠᠨᠬᠠᠳᠠ ᠳᠤ ᠨᠤᠲᠤᠭᠰᠢᠵᠤ᠂ ᠠᠵᠤ ᠠᠬᠤᠶᠢᠯᠠᠯ ᠤᠨ ᠪᠠᠯᠠ ᠣᠷᠤᠭᠤᠯᠤᠭᠰᠠᠨ ᠪᠣᠲᠠᠲᠠᠢ ᠵᠣᠭᠤᠰ ᠤᠨ ᠲᠤᠭ᠎ᠠ 48 | ᠳ᠋ᠦᠩᠰᠢᠭᠤᠷ ᠲᠥᠭᠦᠷᠢᠭ ᠪᠣᠯᠪᠠ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶ | |