| | ᠡᠳ᠋ ᠤᠨ ᠵᠠᠰᠠᠭ ᠤᠨ ᠲᠢᠩᠬᠢᠮ ︽ᠭᠤᠷᠪᠠᠨ ᠪᠠᠷᠢᠮᠲᠠᠯᠠᠯ︾ ᠢᠶᠠᠷ ᠲᠡᠭ ᠰᠠᠭᠤᠷᠢᠨ ᠲᠥᠰᠦᠪ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠣᠯᠣᠨ᠎ᠠ᠃ | ᠮᠠᠨ ᠤ ᠣᠷᠣᠨ 2025 ᠣᠨ ᠤ ᠲᠥᠰᠦᠪ ᠢ ᠨᠠᠶᠢᠷᠠᠭᠤᠯᠤᠨ ᠵᠣᠬᠢᠶᠠᠬᠤ ᠦᠶ᠎ᠡ ᠳᠤ᠂ ᠲᠡᠭ ᠰᠠᠭᠤᠷᠢᠨ ᠲᠥᠰᠦᠪ ᠤᠨ ᠥᠭᠡᠷᠡᠴᠢᠯᠡᠯᠲᠡ ᠶᠢ ᠡᠬᠢᠯᠡᠭᠦᠯᠬᠦ ᠪᠠᠷ | ᠲᠥᠯᠥᠪᠯᠡᠵᠦ ᠪᠠᠶᠢᠨ᠎ᠠ᠃ ᠨᠢᠭᠡ ᠳᠤ᠂ ︽ᠰᠠᠭᠤᠷᠢ ᠲᠤᠭ᠎ᠠ ᠶᠢ ᠡᠪᠳᠡᠬᠦ︾ ᠶᠢ ᠪᠠᠷᠢᠮᠲᠠᠯᠠᠨ᠎ᠠ᠃ ᠪᠤᠶ ᠪᠦᠬᠦᠢ ᠲᠥᠰᠦᠪ ᠤᠨ ᠵᠠᠷᠤᠯᠭ᠎ᠠ ᠶᠢ ᠴᠥᠮ ᠲᠡᠭ ᠢᠶᠠᠷ ᠰᠠᠭᠤᠷᠢ | ᠴᠡᠭ ᠪᠣᠯᠭᠠᠵᠤ᠂ ᠡᠯ᠎ᠡ ᠵᠦᠢᠯ ᠤᠨ ᠵᠠᠷᠤᠯᠭ᠎ᠠ ᠶᠢᠨ ᠲᠣᠬᠢᠷᠠᠭᠤᠯᠤᠯᠲᠠ ᠶᠢᠨ ᠴᠢᠬᠤᠯᠠ ᠴᠢᠨᠠᠷ᠂ ᠬᠡᠪᠴᠢᠶᠡᠵᠢᠯ ᠤᠨ ᠵᠦᠢ ᠶᠣᠰᠣᠴᠢ ᠴᠢᠨᠠᠷ ᠢ ᠦᠨᠡᠯᠡᠨ ᠵᠢᠱᠢᠵᠦ | ᠨᠣᠲᠠᠯᠠᠨ᠎ᠠ᠃ ᠣᠲᠣ ᠶᠢᠨ ᠪᠠᠶᠢᠭ᠎ᠠ ᠲᠤᠰᠬᠠᠶ ᠪᠠᠯᠠ ᠮᠥᠩᠭᠦ ᠶᠢ ᠪᠥᠬᠦ ᠲᠠᠯ᠎ᠠ ᠪᠠᠷ ᠢᠯᠭᠠᠷᠠᠭᠤᠯᠤᠨ ᠡᠮᠬᠢᠯᠡᠨ ᠨᠡᠶᠢᠯᠡᠭᠦᠯᠬᠦ ᠶᠢᠨ ᠬᠠᠮᠲᠤ᠂ ᠪᠠᠯᠠ ᠮᠥᠩᠭᠦ ᠶᠢᠨ | ᠬᠡᠪᠴᠢᠶᠡᠵᠢᠯ ᠢᠶᠠᠷ ᠨᠡᠯᠢᠶᠡᠳ ᠶᠡᠭᠡ᠂ ᠬᠡᠷᠡᠭᠵᠢᠭᠦᠯᠬᠦ ᠬᠤᠭᠤᠴᠠᠭ᠎ᠠ ᠨᠢ ᠨᠡᠯᠢᠶᠡᠳ ᠣᠷᠳᠣ᠂ ᠣᠶᠢᠷ᠎ᠠ ᠶᠢᠨ 3 ᠵᠢᠯ ᠳᠤ ᠠᠵᠢᠯ ᠤᠨ ᠠᠮᠵᠢᠯᠲᠠ ᠪᠦᠲᠦᠮᠵᠢ ᠶᠢᠨ | ᠦᠨᠡᠯᠡᠯᠲᠡ ᠬᠢᠵᠦ ᠥᠩᠭᠡᠷᠡᠭᠰᠡᠨ ᠥᠬᠡᠶ᠂ ᠡᠯ᠎ᠡ ᠲᠥᠷᠥᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠪᠠᠷ ᠠᠰᠠᠭᠤᠳᠠᠯ ᠨᠡᠯᠢᠶᠡᠳ ᠣᠯᠠᠨ ᠣᠷᠣᠰᠢᠵᠤ ᠪᠠᠶᠢᠭ᠎ᠠ 16 | ᠭᠤᠤᠯᠳᠠᠯᠭ᠎ᠠ ᠲᠠᠢ ᠲᠤᠰᠬᠠᠶ ᠪᠠᠯᠠ ᠮᠥᠩᠭᠦ ᠶᠢᠨ ᠬᠡᠷᠡᠭᠯᠡᠭᠰᠡᠨ ᠪᠠᠶᠢᠳᠠᠯ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ᠂ ᠦᠨᠡᠯᠡᠭᠰᠡᠨ ᠳ᠋ᠦᠩ ᠢᠶᠠᠷ ᠨᠢ ᠲᠤᠰᠬᠠᠶ | ᠪᠠᠯᠠ ᠮᠥᠩᠭᠦ ᠶᠢ ᠦᠯᠡᠳᠡᠭᠡᠬᠦ᠂ ᠬᠦᠴᠦᠨ ᠥᠬᠡᠶ ᠪᠣᠯᠭᠠᠬᠤ ᠪᠤᠶᠤ ᠬᠡᠪᠴᠢᠶᠡᠵᠢᠯ ᠢ ᠲᠣᠬᠢᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠬᠤᠶᠠᠷ ᠲᠤ᠂ ︽ | ᠠᠷᠭ᠎ᠠ ᠬᠡᠯᠪᠡᠷᠢ ᠶᠢ ᠬᠤᠪᠢᠷᠠᠭᠤᠯᠬᠤ︾ ᠶᠢ ᠪᠠᠷᠢᠮᠲᠠᠯᠠᠨ᠎ᠠ᠃ ᠦᠨᠳᠦᠰᠦᠨ ᠵᠠᠷᠤᠯᠭ᠎ᠠ ᠶᠢ ᠣᠷᠣᠨ ᠲᠣᠭᠠᠨ ᠤ ᠪᠠ ᠨᠣᠷᠮ᠎ᠠ ᠲᠣᠭᠲᠠᠭᠠᠬᠤ ᠪᠠᠷᠢᠮᠵᠢᠶ᠎ᠠ ᠶᠣᠰᠣᠭᠠᠷ᠂ | ᠲᠥᠷᠥᠯ ᠵᠦᠢᠯ ᠤᠨ ᠵᠠᠷᠤᠯᠭ᠎ᠠ ᠶᠢ ᠵᠠᠷᠤᠯᠭ᠎ᠠ ᠶᠢᠨ ᠪᠠᠷᠢᠮᠵᠢᠶ᠎ᠠ ᠪᠠ ᠠᠵᠢᠯ ᠤᠨ ᠬᠡᠮᠵᠢᠶ᠎ᠡ ᠶᠢ ᠦᠨᠳᠦᠰᠦᠯᠡᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ | ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠷ ᠲᠥᠰᠦᠭᠡᠯᠡᠨ ᠪᠤᠳᠤᠨ᠎ᠠ︔ ᠣᠯᠠᠨ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠤᠨ ᠳᠡᠮᠵᠢᠯᠭᠡ᠂ | ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠭᠤᠷᠪᠠᠨ ᠲᠥᠷᠥᠯ ᠤᠨ ᠪᠠᠲᠤᠯᠠᠭ᠎ᠠ ᠶᠢᠨ ᠵᠦᠢᠯᠡᠰ ᠤᠨ ᠨᠠᠷᠢᠨ ᠳᠠᠩᠰᠠ ᠶᠢ | ᠪᠠᠶᠢᠭᠤᠯᠬᠤ ᠶᠢᠨ ᠬᠠᠮᠲᠤ ᠬᠦᠨᠳᠦ ᠬᠥᠩᠭᠡᠨ ᠠᠯᠭᠤᠷ ᠪᠠᠴᠢᠮ ᠪᠠᠶᠢᠬᠤ ᠱᠠᠭᠠᠷᠳᠠᠯᠭ᠎ᠠ ᠶᠤᠰᠤᠭᠠᠷ ᠲᠥᠷᠥᠯ ᠵᠦᠢᠯ ᠢ ᠵᠢᠭᠰᠠᠭᠠᠨ᠎ᠠ᠃ ᠭᠤᠷᠪᠠ ᠳᠤ᠂ ︽ᠠᠮᠵᠢᠯᠲᠠ | ᠪᠦᠲᠦᠮᠵᠢ ᠶᠢ ᠳᠡᠭᠡᠭᠰᠢᠯᠡᠭᠦᠯᠬᠦ︾ ᠶᠢ ᠪᠠᠷᠢᠮᠲᠠᠯᠠᠨ᠎ᠠ᠃ ᠭᠤᠶᠤᠴᠢᠯᠠᠵᠤ ᠰᠢᠨ᠎ᠡ ᠪᠠᠷ ᠨᠡᠮᠡᠬᠦ ᠲᠥᠷᠥᠯ ᠵᠦᠢᠯ ᠤᠨ ᠵᠣᠭᠤᠰ ᠤᠨ ᠲᠤᠭ᠎ᠠ ᠨᠢ 500 ᠲᠦᠮᠡᠨ | ᠲᠥᠭᠦᠷᠢᠭ ᠠᠴᠠ ᠬᠡᠲᠦᠷᠡᠪᠡᠯ᠂ ᠬᠡᠷᠡᠭ ᠤᠨ ᠡᠮᠦᠨᠡᠬᠢ ᠠᠮᠵᠢᠯᠲᠠ ᠪᠦᠲᠦᠮᠵᠢ ᠶᠢᠨ ᠦᠨᠡᠯᠡᠨ ᠵᠢᠱᠢᠵᠦ ᠬᠢᠨᠠᠨ ᠬᠠᠷᠭᠤᠭᠤᠯᠬᠤ ᠴᠢᠳᠠᠮᠵᠢ ᠪᠦᠬᠦᠢ ᠠᠦ᠋ᠲ᠋ᠣ᠋ ᠠᠶᠠᠨᠳᠠᠭᠠᠨ | ᠬᠥᠨᠳᠡᠭᠳᠡᠵᠦ᠂ ᠦᠨᠡᠯᠡᠨ ᠵᠢᠱᠢᠭᠰᠡᠨ ᠳ᠋ᠦᠩ ᠢᠶᠠᠷ ᠨᠢ ᠲᠥᠷᠥ ᠶᠢᠨ ᠪᠣᠳᠣᠯᠭ᠎ᠠ ᠨᠡᠶᠢᠲᠡᠯᠡᠬᠦ᠂ ᠲᠥᠰᠦᠪ ᠤᠨ ᠲᠣᠬᠢᠷᠠᠭᠤᠯᠤᠯᠲᠠ ᠬᠢᠬᠦ ᠶᠢᠨ ᠤᠷᠢᠳᠠᠴᠢ ᠨᠥᠬᠦᠴᠡᠯ | ᠪᠣᠯᠭᠠᠨ᠎ᠠ︔ ᠦᠨᠡᠯᠡᠭᠰᠡᠨ ᠳ᠋ᠦᠩ ᠢᠶᠠᠷ ᠨᠢ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠬᠢᠬᠦ ᠯᠦᠭᠡ ᠬᠤᠯᠪᠣᠭᠳᠠᠭᠤᠯᠬᠤ ᠲᠣᠭᠲᠠᠴᠠ ᠶᠢ | ᠪᠠᠶᠢᠭᠤᠯᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵ᠡᠳ᠋ ᠤᠨ ᠵᠠᠰᠠᠭ ᠤᠨ ᠲᠢᠩᠬᠢᠮ︶ | |