| | 1 — 8 ᠳ᠋ᠤᠭᠠᠷ ᠰᠠᠷ᠎ᠠ ᠳᠤ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠭᠰᠠᠨ ᠲᠤᠭ᠎ᠠ | ᠦᠷᠭᠦᠯᠵᠢᠯᠡᠨ ᠨᠡᠮᠡᠭᠳᠡᠪᠡ᠃ 1 — 8 ᠳ᠋ᠤᠭᠠᠷ ᠰᠠᠷ᠎ᠠ ᠳᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ | ᠭᠠᠷᠭᠠᠭᠰᠠᠨ ᠲᠤᠭ᠎ᠠ 1345.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠥᠬᠦ ᠤᠯᠤᠰ ᠤᠨ ᠬᠢ ᠠᠴᠠ 4.7 ᠵᠠᠭᠤᠨ ᠤ ᠨᠢᠭᠡᠴᠢ ᠥᠨᠳᠥᠷ ᠪᠣᠯᠪᠠ᠃ ᠡᠭᠦᠨ ᠳᠤ᠂ ᠭᠠᠳᠠᠭᠠᠳᠤ ᠳᠤ ᠭᠠᠷᠭᠠᠭᠰᠠᠨ ᠲᠤᠭ᠎ᠠ 538.5 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠪᠡ︔ ᠭᠠᠳᠠᠭᠠᠳᠤ ᠠᠴᠠ ᠤᠷᠤᠭᠤᠯᠤᠭᠰᠠᠨ ᠲᠤᠭ᠎ᠠ 806.6 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠶᠢᠨ ᠲᠠᠯ᠎ᠠ ᠠᠴᠠ ᠠᠪᠴᠤ ᠦᠵᠡᠪᠡᠯ᠂ | ᠪᠠᠶᠠᠨᠨᠠᠭᠤᠷ ᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠵᠤ᠂ ᠲᠣᠰ ᠲᠣᠰ 294.4 | ᠳ᠋ᠦᠩᠰᠢᠭᠤᠷ ᠲᠥᠭᠦᠷᠢᠭ᠂ 224.9 ᠳ᠋ᠦᠩᠰᠢᠭᠤᠷ ᠲᠥᠭᠦᠷᠢᠭ ᠪᠠ 184.3 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠨᠡᠮᠡᠭᠳᠡᠯ ᠤᠨ ᠬᠡᠮᠵᠢᠶ᠎ᠡ ᠠᠴᠠ ᠠᠪᠴᠦ | ᠦᠵᠡᠪᠡᠯ᠂ ᠤᠯᠠᠭᠠᠨᠬᠠᠳᠠ ᠬᠤᠲᠠ᠂ ᠬᠥᠬᠡᠬᠤᠲᠠ᠂ ᠪᠤᠭᠤᠲᠤ ᠬᠤᠲᠠ ᠶᠢᠨ ᠬᠤᠪᠢ ᠨᠡᠮᠡᠷᠢ ᠨᠡᠯᠢᠶᠡᠳ ᠶᠡᠭᠡ ᠪᠠᠶᠢᠵᠤ᠂ ᠲᠣᠰ ᠲᠣᠰ 39 ᠳ᠋ᠦᠩᠰᠢᠭᠤᠷ ᠲᠥᠭᠦᠷᠢᠭ | ᠂ 35 ᠳ᠋ᠦᠩᠰᠢᠭᠤᠷ ᠲᠥᠭᠦᠷᠢᠭ ᠪᠠ 30.8 ᠳ᠋ᠦᠩᠰᠢᠭᠤᠷ ᠲᠥᠭᠦᠷᠢᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠬᠢᠩᠭᠠᠨ ᠠᠶᠢᠮᠠᠭ᠂ ᠠᠯᠠᠱᠠ | ᠠᠶᠢᠮᠠᠭ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠠᠶᠢᠵᠤ᠂ ᠲᠣᠰ ᠲᠣᠰ | 283.6%᠂ 37.8%᠂ 31% ᠪᠠᠷ ᠨᠡᠮᠡᠭᠳᠡᠪᠡ᠃ ︵ᠬᠤᠳᠠᠯᠳᠤᠭᠠᠨ ᠤ ᠶᠠᠪᠤᠳᠠᠯ ᠤᠨ ᠲᠢᠩᠬᠢᠮ︶ | |