| ᠣᠷᠴᠣᠨ ᠬᠤᠰᠢᠭᠤ ᠪᠦᠭᠦ ᠤᠷᠣᠠ ᠤ ᠠᠩᠬᠠᠳᠠᠭᠴᠢ ︽ᠡᠭᠡᠯ ᠠᠷᠠᠳ ᠤᠨ ᠨᠣᠭᠤᠭ᠎ᠠ ᠶᠢᠨ ᠬᠦᠷᠢᠶᠡᠯᠡᠩ︾ ᠤᠨ ᠨᠡᠶᠢᠲᠡ ᠶᠢᠨ ᠠᠰᠠᠷᠠᠮᠵᠢᠲᠤ ᠲᠦᠷᠣᠯ | ᠵᠦᠢᠯ ᠳᠤ ᠲᠦᠰᠢᠭᠯᠡᠨ᠂ 3 ᠲᠦᠮᠡ ᠭᠠᠷᠤᠢ ᠲᠠᠷᠢᠶᠠᠴᠢᠳ ᠢ ᠳᠠᠶᠢᠴᠢᠯᠠᠨ ᠪᠠᠶᠠᠵᠢᠭᠤᠯᠪᠠ᠃ ᠲᠣᠰ ᠨᠡᠶᠢᠲᠡ ᠶᠢᠨ ᠠᠰᠠᠷᠠᠮᠵᠢᠲᠤ ᠲᠥᠷᠥᠯ ᠵᠦᠢᠯ ᠢ 2022 | ᠣᠨ ᠠᠴᠠ ᠡᠬᠢᠯᠡᠭᠦᠯᠵᠦ᠂ ︽ᠠᠵᠤ ᠠᠬᠤᠶᠢᠯᠠᠯ + ᠬᠤᠳᠠᠯᠳᠤᠭᠠᠨ ᠡᠷᠦᠬᠡ + ᠲᠠᠷᠢᠮᠠᠯ ᠤᠨ ᠡᠷᠦᠬᠡ︾ ᠶᠢᠨ ᠪᠣᠷᠣᠯᠠᠭᠤᠯᠬᠤ ᠬᠡᠪ ᠵᠠᠭᠪᠤᠷ ᠢ ᠬᠡᠷᠡᠭᠯᠡᠨ᠂ | ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃ ᠣᠳᠣᠬᠠᠨ ᠳᠤ ᠨᠣᠭᠤᠭ᠎ᠠ ᠶᠢᠨ ᠬᠦᠷᠢᠶᠡᠯᠡᠩ ᠨᠢᠭᠡᠨᠲᠡ ᠠᠰᠢᠭᠯᠠᠯᠲᠠ ᠳᠤ | ᠣᠷᠣᠵᠤ᠂ ᠢᠳᠡᠰᠢᠨ ᠨᠣᠭᠤᠭ᠎ᠠ ᠶᠢᠨ ᠬᠦᠷᠢᠶᠡᠯᠡᠩ ᠤᠨ ᠶᠡᠷᠦᠩᠬᠡᠶ ᠲᠠᠯᠠᠪᠠᠶ 6000 ᠺᠦᠸᠠᠳ᠋ ᠮᠧᠳ᠋ᠷ ᠪᠠᠶᠢᠵᠤ᠂ ᠪᠥᠬᠦ ᠬᠤᠰᠢᠭᠤᠨ ᠳᠤ ᠨᠡᠶᠢᠲᠡ 20 ᠲᠣᠰᠬᠤᠨ | ᠲᠣᠰ ᠲᠥᠷᠥᠯ ᠵᠦᠢᠯ ᠳᠤ ᠣᠷᠣᠯᠴᠠᠵᠤ᠂ ᠶᠠᠳᠠᠭᠤ ᠬᠦᠴᠢᠷᠳᠡᠯᠲᠡᠶ 900 ᠲᠠᠷᠢᠶᠠᠴᠢᠨ ᠡᠷᠦᠬᠡ ᠶᠢ ᠪᠠᠭ᠎ᠠ ᠲᠤᠭᠠᠨ ᠤ ᠵᠤᠭᠤᠰ ᠢᠶᠠᠷ ᠲᠤᠰᠠᠯᠠᠵᠤ᠂ 1200 | ᠡᠷᠦᠬᠡ ᠶᠢ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠭᠤᠯᠵᠤ᠂ 1800 ᠡᠷᠦᠬᠡ ᠶᠢᠨ ᠲᠠᠷᠢᠶᠠᠯᠠᠩ ᠤᠨ ᠪᠦᠲᠦᠭᠡᠭᠳᠡᠬᠦᠨ ᠢ ᠬᠠᠪᠰᠤᠷᠤᠨ ᠪᠣᠷᠣᠯᠠᠭᠤᠯᠵᠤ᠂ | 2 ᠲᠦᠮᠡ ᠰᠢᠬᠠᠮ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠪᠤᠷᠤᠯᠠᠭᠤᠯᠤᠭᠰᠠᠨ ᠵᠤᠭᠤᠰ ᠤᠨ ᠲᠤᠭ᠎ᠠ ᠨᠢ 170 ᠲᠦᠮᠡᠨ ᠲᠥᠭᠦᠷᠢᠭ ᠲᠤ ᠬᠦᠷᠴᠠᠢ᠃ ︵ᠣᠷᠴᠣᠨ | ᠬᠤᠰᠢᠭᠤᠨ ᠤ ᠵᠠᠰᠠᠭ ᠤᠨ ᠣᠷᠳᠣᠨ︶ | |