| ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠴᠣᠨ ᠤ ᠥᠪᠡᠷᠲᠡᠭᠡᠨ ᠵᠠᠰᠠᠬᠤ | ᠬᠤᠰᠢᠭᠤᠨ ᠤ ᠬᠤᠷᠢᠶ᠎ᠠ ᠶᠢᠨ ᠬᠥᠳᠡᠭᠡ ᠲᠣᠰᠬᠤᠨ ᠤ ᠠᠪᠠ ᠶᠢᠨ ᠲᠣᠭᠤᠷᠢᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠭᠠᠷᠭᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠬᠥᠳᠡᠭᠡ | ᠲᠣᠰᠬᠤᠨ ᠤ ᠠᠪᠠ ᠶᠢᠨ ᠲᠣᠭᠤᠷᠢᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ ᠤᠳᠤᠷᠢᠳᠤᠯᠭ᠎ᠠ ᠶᠢ ᠬᠦᠯᠢᠶᠡᠨ᠎ᠡ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯ ᠢ ᠬᠥᠭᠵᠢᠭᠦᠯᠬᠦ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ | ᠲᠥᠯᠥᠪᠵᠢᠭᠦᠯᠭᠡ ᠶᠢ ᠨᠢᠭᠡᠳᠦᠯᠲᠡᠶ ᠰᠤᠳᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ | ᠮᠡᠷᠭᠡᠵᠢᠯ ᠤᠨ ᠲᠠᠯ᠎ᠠ ᠶᠢᠨ ᠲᠥᠯᠥᠪᠵᠢᠭᠦᠯᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠵᠢᠯ | ᠲᠥᠷᠥᠯ ᠤᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠬᠥᠳᠡᠭᠡ | ᠲᠣᠰᠬᠤᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠤᠨ | ᠬᠥᠭᠵᠢᠯᠲᠡ ᠶᠢᠨ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ ᠡᠭᠦᠷᠭᠡᠯᠡᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠲᠣᠭᠲᠠᠭᠠᠬᠤ ᠳᠤ ᠣᠷᠣᠯᠴᠠᠵᠤ᠂ ᠬᠥᠳᠡᠭᠡ | ᠲᠣᠰᠬᠤᠨ ᠤ ᠨᠡᠶᠢᠭᠡᠮ ᠤᠨ ᠦᠢᠯᠡᠰ᠂ ᠤᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠪᠣᠯᠤᠨ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠪᠠ ᠦᠢᠯᠡᠳᠪᠦᠷᠢᠯᠡᠯ ᠤᠨ ᠣᠷᠴᠢᠨ ᠨᠥᠬᠦᠴᠡᠯ ᠢ | ᠰᠠᠶᠢᠵᠢᠷᠠᠭᠤᠯᠬᠤ ᠶᠢ ᠲᠦᠷᠦᠭᠦᠯᠡᠨ ᠵᠣᠬᠢᠴᠠᠭᠤᠯᠤᠨ ᠵᠢᠯᠣᠭᠤᠳᠤᠨ᠎ᠠ᠃ ᠬᠥᠳᠡᠭᠡ ᠲᠣᠰᠬᠤᠨ ᠤ ᠣᠶᠤᠨ ᠤ ᠪᠣᠯᠪᠠᠰᠤᠨ ᠪᠣᠯᠤᠨ ᠰᠢᠯᠢᠳᠡᠭ ᠲᠠᠷᠢᠶᠠᠯᠠᠬᠤ ᠰᠣᠶᠣᠯ ᠤᠨ | ᠪᠠᠶᠢᠭᠤᠯᠤᠯᠲᠠ ᠶᠢ ᠵᠢᠯᠣᠭᠤᠳᠤᠨ᠎ᠠ᠃ | ︵ᠭᠤᠷᠪᠠ︶ ᠬᠥᠳᠡᠭᠡ ᠲᠣᠰᠬᠤᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠥᠳᠡᠭᠡ | ᠲᠣᠰᠬᠤᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ | ᠪᠠᠬᠢᠵᠢᠭᠦᠯᠦᠨ ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠲᠦᠷᠢᠮ ᠤᠨ ᠥᠭᠡᠷᠡᠴᠢᠯᠡᠯᠲᠡ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠪᠠ ᠬᠠᠮᠲᠤ ᠶᠢᠨ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠲᠠᠷᠢᠶᠠᠴᠢᠳ ᠤᠨ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠪᠠᠶᠢᠭᠤᠯᠤᠯᠲᠠ | ᠬᠢᠭᠡᠳ ᠬᠥᠭᠵᠢᠯᠲᠡ ᠶᠢ ᠵᠢᠯᠣᠭᠤᠳᠤᠨ᠎ᠠ᠃ ᠲᠠᠷᠢᠶᠠᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠪᠠ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ | ᠲᠠᠰᠤᠯᠬᠤ ᠬᠠᠮᠢᠶᠠᠷᠤᠯᠲᠠ ᠶᠢ ᠬᠠᠷᠢᠭᠤᠴᠠᠨ᠎ᠠ︔ ᠲᠠᠷᠢᠶᠠᠴᠢᠨ ᠪᠠ ᠲᠠᠷᠢᠶᠠᠴᠢᠳ ᠤᠨ ᠪᠡᠯᠡ ᠴᠤᠭᠯᠠᠭᠤᠯᠵᠤ ᠬᠥᠳᠡᠯᠮᠦᠷᠢ ᠬᠦᠴᠦ ᠴᠤᠭᠯᠠᠭᠤᠯᠬᠤ ᠶᠢ ᠬᠠᠮᠢᠶᠠᠷᠬᠤ | ᠠᠵᠢᠯ ᠳᠤ ᠬᠢᠨᠠᠯᠲᠠ ᠲᠠᠯᠪᠢᠵᠤ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠯᠣᠭᠤᠳᠤᠨ᠎ᠠ᠃ ᠬᠥᠳᠡᠭᠡ | ᠲᠣᠰᠬᠤᠨ ᠤ ᠡᠳ᠋ ᠤᠨ ᠶᠠᠪᠤᠳᠠᠯ ᠤᠨ ᠬᠢᠨᠠᠯᠲᠠ ᠲᠠᠯᠪᠢᠯᠲᠠ᠂ ᠬᠥᠳᠡᠭᠡ ᠲᠣᠰᠬᠤᠨ ᠤ ᠡᠳ᠋ ᠤᠨ ᠶᠠᠪᠤᠳᠠᠯ ᠤᠨ ᠬᠢᠨᠠᠨ ᠪᠣᠳᠣᠬᠤ᠂ ᠬᠥᠳᠡᠭᠡ ᠲᠣᠰᠬᠤᠨ ᠤ | ᠳᠠᠷᠤᠭᠠᠰᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠮᠢᠶᠠᠷᠤᠯᠲᠠ᠂ ᠲᠠᠷᠢᠶᠠᠴᠢᠳ ᠤᠨ | ᠲᠤᠰᠬᠠᠶ ᠠᠵᠢᠯ ᠤᠨ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠬᠤ ᠬᠡᠷᠡᠭᠲᠡᠶ᠃ | ︵ᠲᠦᠷᠪᠡ︶ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠤᠨ ᠰᠣᠯᠢᠯᠴᠠᠭ᠎ᠠ ᠬᠠᠮᠲᠤᠷᠠᠯᠴᠠᠭ᠎ᠠ ᠶᠢ ᠬᠠᠷᠢᠭᠤᠴᠠᠨ᠎ᠠ᠃ | ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ | ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠨᠡᠷᠡᠲᠦ ᠲᠡᠮᠳᠡᠭᠲᠦ ᠶᠢ ᠪᠤᠶᠢᠵᠢᠭᠤᠯᠤᠨ | ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠨ᠂ | ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ | ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠲᠠᠪᠤ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠪᠠᠶᠢᠳᠠᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠶ᠃ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠲᠠᠷᠢᠶᠠᠯᠠᠩ | ᠮᠠᠯ ᠠᠵᠤ ᠠᠬᠤᠶ ᠶᠢᠨ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ᠂ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠬᠡᠷᠡᠭ ᠤᠨ | ᠵᠠᠭᠠᠯᠳᠤᠵᠤ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠶ᠋ᠳᠪᠦᠷᠢᠯᠡᠨ᠂ ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠲᠣᠭᠲᠠᠭᠠᠨ᠎ᠠ᠃ ᠬᠠᠮᠢᠶ᠎ᠠ ᠪᠦᠬᠦᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠶᠣᠰᠣᠭᠠᠷ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠬᠦ ᠨᠢᠭᠡᠴᠢ᠂ ᠦᠢᠯᠡ ᠠᠵᠢᠯᠯᠠᠭ᠎ᠠ ᠪᠠ ᠦᠢᠯᠡᠳᠬᠦᠨ ᠢ | ᠪᠠᠶᠢᠴᠠᠭᠠᠨ ᠰᠢᠢᠳᠪᠦᠷᠢᠯᠡᠨ᠎ᠡ᠃ |