ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/10/28
    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ᠃ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠬᠠᠮᠢᠶ᠎ᠠ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃    ︵ᠬᠤᠶᠠᠷ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠪᠡᠯᠡ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ ᠲᠣᠬᠢᠷᠠᠭᠤᠯᠭ᠎ᠠ ᠵᠡᠷᠭᠡ ᠲᠠᠯ᠎ᠠ ᠳᠤ ᠬᠤᠯᠪᠣᠭᠳᠠᠬᠤ ᠪᠤᠰᠤᠳ ᠰᠠᠨᠠᠭᠤᠯᠭ᠎ᠠ ᠶᠢ ᠳᠤᠷᠠᠳᠴᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠵᠠᠰᠠᠮᠠᠯ ᠵᠠᠮ ᠤᠰᠤᠨ ᠵᠠᠮ ᠪᠠᠶᠢᠭᠤᠯᠬᠤ ᠲᠥᠷᠥᠯ ᠵᠦᠢᠯ ᠢ ᠵᠢᠷᠤᠵᠤ ᠲᠥᠯᠥᠪᠯᠡᠨ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠶᠢᠭᠤᠯᠤᠭᠰᠠᠨ ᠦᠨ᠎ᠡ ᠶᠢᠨ ᠲᠤᠭ᠎ᠠ ᠨᠣᠷᠮ᠎ᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃    ︵ᠭᠤᠷᠪᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ ᠪᠠᠷᠢᠯᠭ᠎ᠠ ᠪᠠ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠵᠦᠢᠯᠡᠰ ᠢ ᠬᠠᠮᠢᠶᠠᠷᠴᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ᠂ ᠡᠵᠡᠩᠨᠡᠯᠲᠡ ᠶᠢᠨ ᠦᠢᠯᠡᠴᠢᠯᠡᠭᠡ ᠵᠡᠷᠭᠡ ᠠᠵᠢᠯ ᠢ ᠵᠢᠯᠣᠭᠤᠳᠤᠨ᠎ᠠ᠃ ᠵᠠᠰᠠᠮᠠᠯ ᠵᠠᠮ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠵᠠᠮ ᠤᠨ ᠲᠣᠣᠷ ᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ︵ᠲᠦᠷᠪᠡ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠬᠤᠰᠢᠭᠤ ᠰᠢᠶᠠᠨ ᠠᠯᠤᠰᠯᠠᠭᠰᠠᠨ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ᠂ ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ ᠨᠥᠬᠦᠴᠡᠯ ᠤᠨ ᠨᠥᠯᠥᠭᠡ ᠶᠢ ᠦᠨᠡᠯᠡᠬᠦ ᠬᠠᠮᠢᠶᠠᠷᠬᠤ ᠶᠢ ᠬᠠᠷᠢᠭᠤᠴᠠᠨ᠎ᠠ᠃ ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭ᠎ᠠ ᠶᠢᠨ ᠲᠡᠭᠡᠭᠡᠪᠦᠷᠢ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠳᠠᠮᠵᠢ ᠶᠢ ᠪᠠᠶᠢᠴᠠᠭᠠᠨ ᠬᠡᠮᠵᠢᠬᠦ᠂ ᠮᠠᠰᠢᠨᠲᠤ ᠲᠡᠷᠭᠡᠨ ᠤ ᠵᠢᠯᠣᠭᠤᠴᠢ ᠶᠢᠨ ᠪᠣᠯᠪᠠᠰᠤᠷᠠᠭᠤᠯᠤᠯ᠂ ᠠᠵᠢᠯᠯᠠᠭᠰᠠᠳ ᠤᠨ ᠬᠠᠮᠢᠶᠠᠷᠤᠯᠲᠠ᠂ ᠵᠢᠭᠠᠰᠤᠨ ᠣᠩᠭᠤᠴᠠ ᠶᠢ ᠪᠠᠶᠢᠴᠠᠭᠠᠨ ᠰᠢᠯᠭᠠᠬᠤ ᠵᠡᠷᠭᠡ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠣᠯᠠᠨ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠲᠡᠷᠭᠡ ᠪᠣᠯᠵᠣᠬᠤ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ ᠠᠶᠠᠯᠠᠯ ᠤᠨ ᠵᠠᠮ ᠂ ᠭᠠᠷᠠᠮ᠂ ᠣᠩᠭᠤᠴᠠᠨ ᠤ ᠵᠣᠭᠰᠣᠭᠠᠯ ᠢ ᠠᠷᠠᠴᠢᠯᠠᠨ ᠬᠠᠮᠠᠭᠠᠯᠠᠬᠤ ᠶᠢ ᠵᠢᠯᠣᠭᠤᠳᠴᠤ᠂ ᠣᠩᠭᠤᠴᠠ ᠰᠠᠯ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠴᠢᠨ ᠤ ᠬᠠᠮᠢᠶᠠᠷᠤᠯᠲᠠ ᠶᠢ ᠵᠢᠯᠣᠭᠤᠳᠤᠨ᠎ᠠ᠃    ︵ᠲᠠᠪᠤ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠵᠠᠰᠠᠮᠠᠯ ᠵᠠᠮ ᠤᠰᠤᠨ ᠵᠠᠮ ᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠥᠬᠦᠶ ᠵᠠᠮ ᠤᠨ ᠲᠣᠤᠷ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠨ᠂ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠭᠤᠤᠯᠳᠠᠯᠭ᠎ᠠ ᠲᠠᠢ ᠡᠳ᠋ ᠪᠣᠳᠠᠰ᠂ ᠪᠠᠴᠢᠮ ᠲᠤᠯᠭᠠᠮ᠎ᠠ ᠠᠶᠠᠨᠴᠢᠳ ᠪᠠ ᠪᠠᠷᠠᠭ᠎ᠠ ᠲᠡᠭᠡᠭᠡᠪᠦᠷᠢ ᠶᠢ ᠲᠣᠬᠢᠷᠠᠭᠤᠯᠬᠤ ᠶᠢ ᠬᠠᠷᠢᠭᠤᠴᠠᠨ᠎ᠠ᠃    ︵ᠵᠢᠷᠭᠤᠭ᠎ᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠢᠨᠠᠨ ᠵᠢᠯᠣᠭᠤᠳᠤᠨ᠎ᠠ᠃ ᠡᠭᠦᠷᠭᠡ ᠬᠠᠷᠢᠭᠤᠴᠠᠯᠭ᠎ᠠ ᠡᠷᠬᠡ ᠮᠡᠳᠡᠯ ᠢᠶᠠᠷ ᠢᠶᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠥᠪᠰᠢᠶᠡᠷᠡᠬᠦ ᠵᠡᠷᠭᠡ ᠠᠵᠢᠯ ᠢ ᠡᠭᠦᠷᠭᠡᠯᠡᠨ᠎ᠡ᠃ ᠬᠦᠨᠳᠦ ᠶᠡᠭᠡ ᠬᠡᠷᠡᠭ ᠢ ᠪᠠᠶᠢᠴᠠᠭᠠᠬᠤ ᠪᠠ ᠵᠠᠰᠠᠭ ᠵᠠᠬᠢᠷᠭᠠᠨ ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠬᠠᠷᠢᠶᠠᠯᠠᠯ ᠢ ᠵᠢᠭᠠᠨ ᠲᠣᠭᠲᠠᠭᠠᠭᠰᠠᠨ ᠬᠡᠷᠡᠭ ᠢ ᠳᠠᠭᠠᠭᠠᠨ ᠰᠢᠢᠳᠪᠦᠷᠢᠯᠡᠨ᠎ᠡ᠃    ︵ᠳᠤᠯᠤᠭ᠎ᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠭᠢᠵᠢᠯᠲᠠ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃    ︵ᠨᠠᠢᠮᠠ︶ ᠠᠵᠢᠯ ᠲᠥᠷᠥᠯ ᠤᠨ ᠴᠡᠷᠢᠭ ᠠᠷᠠᠳ ᠢ ᠠᠭᠤᠰᠤᠯᠴᠠᠭᠤᠯᠬᠤ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠡᠷᠢᠭ ᠤᠨ ᠶᠠᠪᠤᠳᠠᠯ ᠤᠨ ᠠᠵᠢᠯᠯᠠᠭ᠎ᠠ ᠪᠣᠯᠤᠨ ᠠᠶᠤᠯ ᠭᠠᠮᠰᠢᠭ ᠠᠴᠠ ᠠᠪᠤᠷᠠᠬᠤ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ︵ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ