| ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ | ᠳᠥᠭᠦᠮᠴᠢᠯᠡᠭᠡᠳ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠭᠡᠳᠡᠭ︶ ᠪᠣᠯ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ ᠤᠨ ᠫᠠᠶᠢᠵᠠ ᠡᠯᠭᠦᠪᠡ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ | ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ᠎ᠠ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠲᠠᠯ᠎ᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ᠂ ᠳᠦᠷᠢᠮ ᠤᠨ ᠲᠥᠰᠦᠯ ᠢ ᠲᠤᠭᠤᠷᠪᠢᠨ ᠪᠢᠴᠢᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠪᠥᠬᠦ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ | ︵ᠬᠤᠶᠠᠷ︶ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠣᠭᠤᠳᠴᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠳᠦᠷᠢᠮ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠯᠠᠨ ᠭᠤᠤᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ | ᠬᠤᠳᠠᠯᠳᠤᠨ ᠠᠪᠬᠤ ᠶᠢ ᠵᠡᠷᠭᠡ ᠳᠤᠨᠢ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠬᠤ ᠬᠡᠷᠡᠭᠲᠡᠶ᠃ ᠪᠥᠬᠦ ᠬᠤᠰᠢᠭᠤᠨ ᠤ ᠣᠷᠣᠨ ᠰᠠᠭᠤᠴᠠ ᠶᠢᠨ | ᠴᠢᠳᠠᠮᠵᠢ ᠶᠢ ᠮᠠᠭᠠᠳᠯᠠᠨ ᠲᠣᠭᠲᠠᠭᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ | ᠬᠥᠭᠵᠢᠯᠲᠡ ᠶᠢᠨ ᠠᠵᠢᠯ ᠢ ᠬᠠᠷᠢᠭᠤᠴᠠᠨ᠎ᠠ᠃ ᠭᠡᠷ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠭᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠬᠠᠮᠢᠶᠠᠷᠤᠯᠲᠠ᠂ ᠭᠡᠷ ᠪᠠᠶᠢᠰᠢᠩ ᠲᠦᠷᠢᠶᠡᠰᠦᠯᠡᠬᠦ᠂ ᠭᠡᠷ ᠪᠠᠶᠢᠰᠢᠩ ᠤᠨ | ᠲᠠᠯᠠᠪᠠᠶ ᠶᠢᠨ ᠬᠠᠮᠢᠶᠠᠷᠤᠯᠲᠠ᠂ ᠭᠡᠷ ᠪᠠᠶᠢᠰᠢᠩ ᠲᠠᠲᠠᠪᠤᠷᠢᠯᠠᠬᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠠᠷᠤᠭᠯᠠᠭᠰᠠᠨ ᠦᠨ᠎ᠡ ᠬᠢᠭᠡᠳ ᠠᠵᠤ ᠠᠬᠤᠶ ᠶᠢᠨ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ | ᠪᠠᠶᠢᠰᠢᠩ ᠤᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠭᠡᠷ ᠪᠠᠶᠢᠰᠢᠩ ᠳᠠᠩᠰᠠᠯᠠᠬᠤ ᠠᠵᠢᠯ ᠢ ᠬᠠᠮᠵᠢᠯᠴᠠᠨ | ᠵᠢᠯᠣᠭᠤᠳᠤᠨ᠎ᠠ᠃ | ︵ᠲᠦᠷᠪᠡ︶ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠠᠳᠠᠯ | ᠠᠬᠤᠶ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠳᠠᠯ ᠠᠬᠤᠢ ᠶᠢᠨ | ᠦᠢᠯᠡᠴᠢᠯᠡᠭᠡᠨ ᠤ ᠵᠠᠬ᠎ᠠ ᠳᠡᠯᠭᠡᠭᠦᠷ ᠢ ᠵᠢᠯᠣᠭᠤᠳᠤᠨ ᠵᠢᠷᠤᠮᠵᠢᠭᠤᠯᠤᠨ᠎ᠠ᠃ ᠭᠡᠷ ᠪᠠᠶᠢᠰᠢᠩ ᠰᠡᠯᠪᠢᠨ ᠵᠠᠰᠠᠬᠤ ᠪᠡᠯᠡ ᠮᠥᠩᠭᠦ ᠶᠢ ᠴᠤᠭᠯᠠᠭᠤᠯᠤᠨ ᠬᠡᠷᠡᠭᠯᠡᠬᠦ | ᠬᠠᠮᠢᠶᠠᠷᠤᠯᠲᠠ ᠶᠢ ᠵᠢᠯᠣᠭᠤᠳᠴᠤ᠂ ᠬᠢᠨᠠᠯᠲᠠ ᠲᠠᠯᠪᠢᠨ᠎ᠠ᠃ | ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ | ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ | ᠦᠨ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ | ᠨᠣᠷᠮ᠎ᠠ ᠶᠢ ᠬᠡᠷᠡᠭᠵᠢᠭᠦᠯᠬᠦ ᠪᠠ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ ᠪᠤᠳᠤᠬᠤ ᠳᠤ ᠵᠢᠯᠣᠭᠤᠳᠤᠨ ᠬᠢᠨᠠᠯᠲᠠ ᠲᠠᠯᠪᠢᠨ᠎ᠠ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠶ ᠨᠥᠬᠦᠪᠥᠷᠢ ᠨᠣᠷᠮ᠎ᠠ ᠪᠣᠯᠤᠨ ᠪᠠᠷᠢᠯᠭ᠎ᠠ ᠶᠢᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ | ︵ᠵᠢᠷᠭᠤᠭ᠎ᠠ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠵᠤ ᠬᠠᠮᠢᠶᠠᠷᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ | ᠪᠣᠯᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠦᠢᠯᠡᠰ᠂ ᠪᠠᠷᠢᠯᠭ᠎ᠠ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯᠭᠡ ᠥᠭᠬᠦ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠳᠤᠮᠳᠠ ᠪᠠ ᠤᠷᠲᠤ ᠬᠤᠭᠤᠴᠠᠭᠠᠨ ᠤ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ᠂ ᠨᠢᠭᠡᠴᠡ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠭᠡᠷ | ᠳᠣᠲᠣᠷᠠᠬᠢ ᠵᠠᠰᠠᠯ ᠴᠢᠮᠡᠭᠯᠡᠯ ᠤᠨ ᠦᠢᠯᠡᠰ ᠢ ᠬᠠᠮᠢᠶᠠᠷᠴᠤ ᠵᠢᠯᠣᠭᠤᠳᠤᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠭᠠᠳᠠᠭᠰᠢ | ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠤᠷᠰᠢᠯᠴᠠᠭ᠎ᠠ ᠳᠤ ᠣᠷᠣᠯᠴᠠᠭᠤᠯᠬᠤ ᠬᠡᠷᠡᠭᠲᠡᠶ᠃ | ︵ᠳᠣᠯᠤᠭ᠎ᠠ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠶᠤᠯ ᠦᠭᠡᠶ ᠶᠢᠨ ᠠᠵᠢᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠪᠠᠷᠢᠯᠭ᠎ᠠ ᠶᠢᠨ ᠠᠵᠢᠯ ᠤᠨ | ᠶᠠᠰᠤ ᠴᠢᠨᠠᠷ᠂ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠪᠣᠯᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠲᠥᠷᠥ ᠶᠢᠨ ᠪᠣᠳᠣᠯᠭ᠎ᠠ | ᠂ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠲᠦᠭᠡᠨ ᠪᠠᠶᠢᠭᠤᠯᠬᠤ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠬᠢᠨᠠᠨ | ᠬᠠᠮᠢᠶᠠᠷᠬᠤ᠂ ᠪᠠᠷᠢᠯᠭ᠎ᠠ ᠪᠠᠷᠢᠬᠤ ᠨᠢᠭᠡᠴᠡ ᠶᠢᠨ ᠶᠠᠰᠤ ᠴᠢᠨᠠᠷ ᠤᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠨ᠎ᠠ᠃ ᠪᠠᠷᠢᠯᠭ᠎ᠠ ᠪᠠᠷᠢᠬᠤ ᠨᠢᠭᠡᠴᠢ ᠪᠣᠯᠤᠨ | ᠪᠠᠷᠢᠯᠭ᠎ᠠ ᠶᠢᠨ ᠲᠣᠨᠣᠭᠯᠠᠭᠠᠰᠤ ᠶᠢᠨ ᠦᠢᠯᠡᠳᠪᠦᠷᠢ ᠶᠢᠨ ᠮᠡᠷᠭᠡᠵᠢᠯ ᠤᠨ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠪᠠᠷᠢᠯᠭ᠎ᠠ ︵ᠦᠢᠯᠡᠳᠬᠦᠨ︶ ᠶᠢ | ᠪᠠᠶᠢᠴᠠᠭᠠᠨ᠎ᠠ᠃︶ ᠶᠠᠰᠤ ᠴᠢᠨᠠᠷ᠃ ᠬᠠᠮᠢᠶ᠎ᠠ ᠪᠦᠬᠦᠢ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠢᠯᠣᠭᠤᠳᠤᠨ᠎ᠠ᠃ ᠪᠠᠷᠢᠯᠭ᠎ᠠ ᠶᠢᠨ ᠶᠠᠰᠤ | ᠴᠢᠨᠠᠷ᠂ ᠠᠮᠤᠷ ᠲᠦᠪᠰᠢᠨ ᠤ ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ | ᠤᠨᠲᠠᠷᠠᠭᠠᠬᠤ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ |