ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/10/28
2024 ᠣᠨ ᠤ 2 ᠳ᠋ᠤᠭᠠᠷ ᠰᠠᠷ᠎ᠠ ᠶᠢᠨ 5 ᠤ ᠡᠳᠦᠷ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠾᠧ ᠰᠢᠤᠸᠠᠢ ᠭᠤᠸᠠᠩ    ᠲᠥᠯᠥᠭᠡᠯᠡᠭᠴᠢᠳ ᠡ᠄    ᠣᠳᠣ ᠪᠢ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ 2023 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠰᠡᠭ ᠰᠢᠯᠵᠢᠭᠰᠡᠨ ᠠᠵᠤ ᠠᠬᠤᠶ ᠶᠢᠨ ᠰᠡᠷᠭᠦᠯᠲᠡ ᠶᠢᠨ ᠨᠢᠭᠡ ᠵᠢᠯ ᠮᠥᠨ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ︾ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠪᠠᠷ ᠪᠥᠬᠦ ᠲᠠᠯ᠎ᠠ ᠶᠢ ᠬᠠᠮᠤᠷᠴᠤ᠂ ᠪᠥᠬᠦ ᠬᠤᠰᠢᠭᠤᠨ ᠤ ᠠᠵᠤ ᠠᠬᠤᠶ ᠶᠡᠷᠦᠩᠬᠡᠶ ᠳᠡᠭᠡᠨ ᠳᠡᠭᠡᠭᠰᠢᠯᠡᠨ ᠰᠠᠶᠢᠵᠢᠷᠠᠵᠤ᠂ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠨ᠎ᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 88 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.3% ᠪᠠᠷ ᠨᠡᠮᠡᠭᠳᠡᠪᠡ︔ ᠬᠤᠲᠠ ᠪᠠᠯᠭᠠᠰᠤ ᠪᠠ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 33020 ᠲᠥᠭᠦᠷᠢᠭ ᠪᠠ 14809 ᠲᠥᠭᠦᠷᠢᠭ ᠢ ᠪᠡᠶᠡᠯᠡᠭᠦᠯᠵᠦ᠂ 6.3% ᠪᠠ 7.6% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 18.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 3.4% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2.61 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠲᠠᠢ ᠲᠡᠩᠴᠡᠪᠡ︔ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ 172.9 ᠳ᠋ᠦᠩᠰᠢᠭᠤᠷ ᠲᠥᠭᠦᠷᠢᠭ ᠪᠠ 150.6 ᠳ᠋ᠦᠩᠰᠢᠭᠤᠷ ᠲᠥᠭᠦᠷᠢᠭ ᠲᠤ ᠬᠦᠷᠴᠦ᠂ 11.5% ᠪᠠ 71.6% ᠪᠠᠷ ᠨᠡᠮᠡᠭᠳᠡᠵᠦ᠂ ᠠᠵᠤ ᠠᠬᠤᠶ ᠶᠢᠨ ᠰᠡᠷᠭᠦᠯᠲᠡ ᠶᠢᠨ ᠪᠠᠶᠢᠳᠠᠯ ᠲᠣᠭᠲᠠᠭᠤᠨ ᠢᠶᠠᠷ ᠴᠢᠩᠭᠠᠷᠠᠪᠠ᠃    ︵ᠨᠢᠭᠡ︶ ᠨᠢᠭᠡᠳᠦᠯᠲᠡᠢ ᠲᠦᠯᠦᠪᠵᠢᠭᠦᠯᠬᠦ ᠶᠢ ᠴᠢᠩᠭᠠᠳᠬᠠᠨ ᠰᠠᠭᠤᠷᠢ ᠶᠢ ᠪᠠᠲᠤᠳᠬᠠᠨ ᠬᠦᠭᠵᠢᠯᠲᠡ ᠶᠢ ᠠᠬᠢᠭᠤᠯᠵᠤ ᠠᠵᠤ ᠠᠬᠤᠢ ᠨᠡᠶᠢᠭᠡᠮᠴᠢᠯᠡᠬᠦ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ    ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠯᠠᠪᠳᠠᠭᠤᠨ ᠢᠶᠠᠷ ᠠᠬᠢᠭᠤᠯᠪᠠ᠃ ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ ᠶᠢ ᠪᠠᠷᠢᠮᠲᠠᠯᠠᠵᠤ᠂ ᠬᠠᠲᠠᠭᠤ ᠠᠷᠭ᠎ᠠ ᠬᠡᠮᠵᠢᠶ᠎ᠡ ᠪᠠᠷ ᠲᠠᠷᠢᠶᠠᠨ ᠭᠠᠵᠠᠷ ᠢ ᠬᠠᠮᠠᠭᠠᠯᠠᠵᠤ᠂ ᠬᠥᠷᠥᠰᠥ ᠰᠢᠷᠣᠶ ᠶᠢ ᠨᠡᠶᠢᠳᠡᠮ ᠪᠠᠶᠢᠴᠠᠭᠠᠵᠤ 6548 ᠴᠡᠭ ᠣᠷᠣᠨ ᠪᠠᠶᠢᠷᠢ ᠶᠢ ᠴᠤᠭᠯᠠᠭᠤᠯᠵᠤ᠂ 9072 ᠠᠲᠠᠷᠰᠢᠭᠰᠠᠨ ᠭᠠᠵᠠᠷ ᠤᠨ ᠵᠢᠷᠤᠭ ᠤᠨ ᠲᠣᠯᠪᠤ ᠶᠢ ᠵᠢᠭᠰᠠᠭᠠᠨ ᠪᠠᠶᠢᠴᠠᠭᠠᠵᠤ᠂ 16 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠠᠮᠠᠭᠠᠯᠠᠬᠤ ᠢᠨᠵᠧᠨᠧᠷᠢᠩ ᠢ ᠪᠥᠲᠥᠭᠡᠨ ᠪᠠᠶᠢᠭᠤᠯᠵᠤ᠂ 190 ᠲᠦᠮᠡᠨ ᠮᠥ ᠲᠠᠷᠢᠶᠠᠨ ᠭᠠᠵᠠᠷ ᠢ ᠦᠵᠡᠬᠦ ᠪᠠ ᠵᠡᠭᠦᠨ ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠬᠤ ᠢᠨᠵᠧᠨᠧᠷᠢᠩ ᠢ ᠪᠠᠶᠢᠭᠤᠯᠵᠤ᠂ 2 ᠲᠠᠷᠢᠶᠠᠨ ᠭᠠᠵᠠᠷ ᠢ ᠦᠵᠡᠬᠦ ᠪᠠ ᠦᠷ᠎ᠡ ᠰᠣᠩᠭᠤᠬᠤ ᠲᠠᠪᠴᠠᠩ ᠢ ᠪᠣᠶ ᠪᠣᠯᠭᠠᠵᠤ᠂ ᠠᠮᠤ ᠪᠤᠳᠠᠭ᠎ᠠ ᠳᠠᠷᠢᠬᠤ ᠲᠠᠯᠠᠪᠠᠶ 432.76 ᠲᠦᠮᠡᠨ ᠮᠥ᠂ ᠬᠤᠷᠢᠶᠠᠯᠲᠠ 11.99 ᠳ᠋ᠦᠩᠰᠢᠭᠤᠷ ᠵᠢᠩ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠠᠮᠵᠢᠯᠲᠠ ᠲᠠᠢ ᠪᠠᠶᠢᠭᠤᠯᠪᠠ᠃ ᠠᠮᠤ ᠪᠤᠳᠠᠭᠠᠨ ᠤ ᠬᠤᠷᠢᠶᠠᠯᠲᠠ ᠶᠢ ᠨᠡᠮᠡᠭᠳᠡᠭᠦᠯᠬᠦ ᠳᠤ ᠮᠡᠷᠭᠡᠵᠢᠯ ᠤᠨ ᠲᠠᠯ᠎ᠠ ᠳᠤ ᠲᠦᠰᠢᠭᠯᠡᠬᠦ ᠶᠢ ᠪᠠᠷᠢᠮᠲᠠᠯᠠᠵᠤ᠂ ᠰᠢᠷ᠎ᠠ ᠪᠤᠷᠴᠠᠭ ᠤᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠲᠠᠷᠢᠵᠤ ᠪᠤᠶᠢᠵᠢᠭᠤᠯᠬᠤ ᠮᠡᠷᠭᠡᠵᠢᠯ ᠤᠨ ᠬᠤᠷᠠᠮᠠᠯ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠥᠷᠨᠢᠭᠦᠯᠵᠦ᠂ 48 ᠵᠦᠢᠯ ᠤᠨ ᠰᠢᠯᠭᠠᠨ ᠬᠤᠷᠢᠶᠠᠯᠲᠠ ᠶᠢ ᠨᠢ ᠰᠢᠯᠭᠠᠨ ᠪᠠᠶᠢᠴᠠᠭᠠᠵᠤ᠂ ᠮᠥ ᠪᠦᠷᠢ ᠶᠢᠨ ᠤᠨᠠᠯᠲᠠ ᠨᠢ ᠴᠢᠨᠠᠷ ᠰᠠᠶᠢᠲᠠᠶ ᠰᠢᠷ᠎ᠠ ᠪᠤᠷᠴᠠᠭ ᠨᠢ 215.6 ᠺᠢᠯᠣᠭ᠍ᠷᠠᠮ ᠪᠠᠶᠢᠵᠤ᠂ ᠥᠪᠡᠷᠲᠡᠭᠡᠨ ᠵᠠᠰᠠᠬᠤ ᠬᠤᠰᠢᠭᠤᠨ ᠤ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠰᠢᠨ᠎ᠡ ᠥᠨᠳᠥᠷ ᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠱᠠᠩᠨᠠᠯ 3 ᠪᠠᠷ ᠦᠨᠡᠯᠡᠭᠳᠡᠪᠡ︔ ᠰᠢᠷ᠎ᠠ ᠪᠤᠷᠴᠠᠭ ᠤᠨ ᠵᠢᠱᠢᠶ᠎ᠡ ᠦᠵᠡᠭᠦᠯᠬᠦ 10 ᠰᠠᠭᠤᠷᠢᠨ ᠭᠠᠵᠠᠷ ᠢ ᠪᠠᠶᠢᠭᠤᠯᠵᠤ᠂ ︽ᠣᠷᠴᠣᠨ ᠰᠢᠷ᠎ᠠ ᠪᠤᠷᠴᠠᠭ︾ ᠨᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠵᠤ᠂ ᠤᠯᠤᠰ ᠤᠨ ᠰᠢᠷ᠎ᠠ ᠪᠤᠷᠴᠠᠭ ᠤᠨ ᠣᠷᠣᠨ ᠪᠦᠰᠡ ᠶᠢᠨ ᠴᠢᠨᠠᠷᠲᠠᠶ ᠰᠠᠶᠢᠨ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠲᠥᠷᠥᠯ ᠵᠦᠢᠯ ᠨᠢ ᠤᠷᠤᠭᠰᠢᠲᠠᠶ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃ ᠶᠠᠰᠤ ᠴᠢᠨᠠᠷ ᠢᠶᠠᠷ ᠮᠠᠯ ᠠᠵᠤ ᠠᠬᠤᠢ ᠶᠢ ᠬᠥᠭᠵᠢᠭᠦᠯᠬᠦ ᠶᠢ ᠪᠠᠷᠢᠮᠲᠠᠯᠠᠵᠤ᠂ 2.2 ᠲᠦᠮᠡᠨ ᠲᠡᠭᠰᠢ ᠳᠥᠷᠪᠡᠯᠵᠢᠨ ᠮᠧᠳ᠋ᠷ ᠫᠧᠩ ᠰᠠᠷᠠᠪᠴᠢ ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ 3 ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠢ ᠶᠢ ᠳᠡᠭᠡᠭᠰᠢᠯᠡᠭᠦᠯᠦᠨ ᠥᠭᠡᠷᠡᠴᠢᠯᠡᠵᠦ᠂ ᠠᠯᠠᠰᠢᠨ ᠦᠬᠡᠷ ᠠᠯᠠᠵᠤ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠢ 2 ᠰᠢᠨ᠎ᠡ ᠪᠠᠷ ᠨᠡᠮᠡᠭᠳᠡᠭᠦᠯᠵᠦ᠂ ᠮᠠᠯ ᠤᠨ ᠲᠤᠭ᠎ᠠ 42.8 ᠲᠦᠮᠡ ᠪᠣᠯᠪᠠ᠃ ᠨᠢᠭᠡᠳᠦᠯᠲᠡᠶ ᠡᠮᠬᠢᠯᠡᠨ ᠨᠡᠶᠢᠯᠡᠭᠦᠯᠬᠦ ᠶᠢ ᠪᠠᠷᠢᠮᠲᠠᠯᠠᠵᠤ᠂ ︽ᠳᠠᠪᠠᠭᠠᠨ ᠳᠡᠭᠡᠷᠡᠬᠢ ᠰᠠᠶᠢᠨ ᠪᠣᠳᠠᠰ︾ ᠤᠨ ᠣᠯᠠᠨ ᠨᠡᠶᠢᠲᠡ ᠶᠢᠨ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠵᠤ᠂ ᠬᠤᠰᠢᠭᠤᠨ ᠳᠣᠲᠣᠷᠠᠬᠢ 11 ᠠᠵᠤ ᠠᠬᠤᠶᠢᠯᠠᠯ᠂ 200 ᠭᠠᠷᠤᠶ ᠲᠠᠸᠠᠷ ᠤᠨ ᠲᠥᠷᠥᠯ ᠢ ᠡᠮᠬᠢᠯᠡᠨ ᠨᠡᠶᠢᠯᠡᠭᠦᠯᠵᠦ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠦᠢᠯᠡᠴᠢᠯᠡᠭᠡᠨ ᠤ ᠲᠠᠪᠴᠠᠩ᠂ ᠪᠣᠷᠣᠯᠠᠭᠤᠯᠤᠯᠲᠠ ᠶᠢᠨ ᠬᠡᠮᠵᠢᠶ᠎ᠡ 322 ᠲᠦᠮᠡᠨ ᠲᠥᠭᠦᠷᠢᠭ ᠪᠣᠯᠤᠨ᠎ᠠ᠃    ᠠᠵᠤ ᠦᠢᠯᠡᠳᠪᠦᠷᠢ ᠶᠢᠨ ᠬᠡᠪᠴᠢᠶᠡᠵᠢᠯ ᠢ ᠯᠠᠪᠳᠠᠭᠤᠨ ᠢᠶᠠᠷ ᠠᠬᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠷᠤᠯᠲᠠ ᠪᠠᠨ ᠨᠡᠮᠡᠭᠳᠡᠭᠦᠯᠬᠦ ᠰᠠᠭᠤᠷᠢ ᠶᠢ ᠪᠠᠬᠢᠵᠢᠭᠦᠯᠵᠦ᠂ ᠤᠯᠤᠰ ᠤᠨ ᠠᠭᠤᠷᠬᠠᠢ ᠶᠢᠨ ᠦᠢᠯᠡᠰ ᠤᠨ ᠪᠠ ᠴᠠ ᠭᠧᠦ ᠶᠢᠨ ᠪᠠᠷᠠᠭᠤᠨ ᠦᠯᠡᠳᠡᠭᠳᠡᠯ ᠬᠦᠳᠡᠷ ᠤᠨ ᠬᠥᠮᠥᠷᠭᠡ ᠶᠢ ᠵᠠᠰᠠᠵᠤ ᠳᠠᠭᠤᠰᠬᠠᠨ᠂ ᠹᠦ᠋ ᠰᠢ ᠠᠮᠤ ᠳᠤᠰᠤᠨ ᠤ ᠦᠢᠯᠡᠰ ᠤᠨ ᠲᠡᠰ ᠳᠡᠪᠰᠢᠭᠰᠡᠨ ᠬᠡᠮᠵᠢᠶ᠎ᠡ ᠶᠢ ᠨᠢᠭᠡᠳᠬᠡᠵᠦ᠂ ᠬᠤᠸᠠ ᠶᠠᠩ ᠴᠠᠬᠢᠯᠭᠠᠨ ᠤ ᠦᠢᠯᠡᠳᠪᠦᠷᠢ ᠶᠢᠨ ᠳᠠᠪᠬᠤᠷᠭ᠎ᠠ ᠶᠢᠨ ᠳᠠᠷᠤᠴᠠ ᠲᠣᠭᠲᠠᠭᠤᠨ ᠢᠶᠠᠷ ᠠᠵᠢᠯᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠢ 6.87 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠰᠢᠶᠠᠨᠪᠢ ᠶᠢᠨ ᠢᠷᠡᠯᠲᠡ ᠶᠢᠨ ᠠᠷᠢᠬᠢᠨ ᠦᠢᠯᠡᠰ᠂ ᠵᠤᠨ ᠤ ᠷᠠᠱᠢᠶᠠᠨ ᠤᠰᠤ ᠵᠡᠷᠭᠡ ᠠᠵᠤ ᠠᠬᠤᠢᠯᠠᠯ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠨ᠎ᠡ᠃ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢ ᠲᠦᠷᠭᠡᠳᠬᠡᠨ ᠳᠡᠭᠡᠭᠰᠢᠯᠡᠭᠦᠯᠵᠦ᠂ 651 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠤᠰᠤ ᠬᠠᠩᠭᠠᠬᠤ ᠤᠰᠤ ᠵᠠᠯᠠᠬᠤ ᠬᠤᠭᠤᠯᠠᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ 6 ᠠᠵᠤ ᠠᠬᠤᠶᠢᠯᠠᠯ ᠢ ᠪᠠᠶᠢᠭᠤᠯᠤᠨ ᠳᠠᠭᠤᠰᠬᠠᠪᠠ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ