ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2024/10/28
     ᠵᠤᠭᠠᠴᠠᠯ ᠤᠨ ᠠᠵᠤ ᠦᠶᠢᠯᠡᠰᠵᠢᠯᠲᠡ ᠶᠢ ᠯᠠᠪᠳᠠᠭᠤᠨ ᠢᠶᠠᠷ ᠠᠬᠢᠭᠤᠯᠪᠠ᠃ ︽ᠭᠤᠷᠪᠠ ᠶᠢᠨ ᠭᠤᠤᠯ︾ ᠵᠢᠭᠤᠯᠴᠢᠯᠠᠯ ᠤᠨ ᠤᠳᠤᠷᠢᠳᠤᠮᠵᠢ ᠶᠢ ᠪᠠᠷᠢᠮᠲᠠᠯᠠᠨ᠂ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠰᠣᠶᠣᠯ ᠪᠠ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ︽ᠬᠠᠭᠤᠴᠢᠨ ᠠᠪᠠ ᠶᠢᠨ ᠪᠦᠰᠡ ᠵᠢᠵᠢᠭ ᠠᠪᠠ︾᠂ ︽ᠤᠢ ᠰᠢᠭᠤᠶ ᠴᠠᠰᠤᠲᠤ ᠲᠠᠯ᠎ᠠ ᠶᠢ ᠲᠤᠭᠤᠯᠵᠤ ᠴᠠᠰᠤᠲᠤ ᠲᠠᠯ᠎ᠠ ᠶᠢ ᠠᠯᠤᠰᠯᠠᠬᠤ︾ ᠵᠡᠷᠭᠡ ᠰᠣᠶᠣᠯ ᠵᠢᠭᠤᠯᠴᠢᠯᠠᠯ ᠢ ᠪᠡᠶᠡᠴᠢᠯᠡᠨ ᠣᠶᠢᠯᠠᠭᠠᠬᠤ ᠪᠦᠲᠦᠭᠡᠭᠳᠡᠬᠦᠨ ᠤ ᠰᠢᠨ᠎ᠡ ᠶᠢ ᠡᠭᠦᠳᠦᠨ ᠪᠦᠲᠦᠭᠡᠵᠦ᠂ ᠮᠥᠰᠥ ᠴᠠᠰᠤᠨ ᠤ ︽ᠢᠰᠠᠷᠠᠨ︾ ᠢ ᠬᠥᠯᠥᠨ ᠪᠤᠶᠢᠷ ᠬᠤᠲᠠ ᠶᠢᠨ ︽ᠨᠠᠭᠠᠳᠤᠮ ᠤᠨ ᠬᠤᠷᠠᠯ︾ ᠤᠨ ᠰᠢᠷᠢᠰ ᠠᠵᠢᠯᠯᠠᠭ᠎ᠠ ᠶᠢᠨ ᠨᠢᠭᠡ ᠳᠤ ᠣᠷᠣᠭᠤᠯᠪᠠ︔ ᠠᠩᠬᠠᠳᠤᠭᠠᠷ ᠬᠤᠭᠤᠴᠠᠭᠠᠨ ᠤ ︽ᠣᠷᠴᠣᠨ ᠤ ᠣᠶ ᠰᠢᠭᠤᠶ ᠶᠢᠨ ᠠᠮᠲᠠᠲᠤ ᠢᠳᠡᠭᠡᠨ ᠤ ᠨᠠᠶᠢᠷ︾ ᠢ ᠡᠷᠬᠢᠯᠡᠵᠦ᠂ ᠠᠷᠠᠳ ᠤᠨ ᠰᠦᠯᠵᠢᠶ᠎ᠡ ᠶᠢᠨ ᠰᠢᠭᠤᠳ ᠨᠡᠪᠲᠡᠷᠡᠭᠦᠯᠭᠡ ᠪᠠᠷ 120 ᠲᠦᠮᠡ ᠶᠢ ᠳᠠᠪᠠᠵᠤ᠂ 4 ᠵᠦᠢᠯ ᠤᠨ ᠢᠳᠡᠰᠢᠨ ᠮᠦᠬᠦ ᠶᠢ ᠤᠷᠢᠳᠴᠢᠯᠠᠨ ᠬᠢᠭᠰᠡᠨ ᠨᠣᠭᠤᠭ᠎ᠠ᠂ 20 ᠵᠦᠢᠯ ᠤᠨ ᠣᠶ ᠰᠢᠭᠤᠶ ᠶᠢᠨ ᠠᠮᠲᠠᠲᠤ ᠢᠳᠡᠭᠡᠨ ᠢ ᠪᠦᠲᠦᠭᠡᠵᠦ᠂ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠠᠭᠤᠷᠢᠨ ᠭᠠᠵᠠᠷ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠵᠢᠭᠤᠯᠴᠢᠯᠠᠯ ᠤᠨ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 4592 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠣᠮᠢᠨ ᠪᠠᠯᠭᠠᠰᠤᠨ ᠤ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠡᠬᠢᠯᠡᠭᠦᠯᠵᠦ᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠵᠡᠷᠭᠡ 3 ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠠᠯᠢ ᠭᠤᠤᠯ ᠤᠨ ᠤᠯᠤᠰ ᠤᠨ ᠣᠢ ᠰᠢᠭᠤᠶ ᠶᠢᠨ ᠴᠡᠴᠡᠷᠯᠢᠭ ᠢ 3A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠨ ᠳᠡᠪᠰᠢᠭᠦᠯᠵᠦ᠂ ᠪᠤᠰᠢᠷᠢ ᠶᠢᠨ ᠤᠮᠠᠷᠠᠲᠤ ᠬᠢᠯᠢ ᠶᠢᠨ ᠴᠡᠷᠢᠭ ᠤᠨ ᠶᠠᠪᠤᠳᠠᠯ ᠤᠨ ᠰᠣᠶᠣᠯ ᠵᠢᠭᠤᠯᠴᠢᠯᠠᠯ ᠤᠨ ᠣᠷᠣᠨ ᠢ ᠪᠦᠬᠦ ᠤᠯᠤᠰ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ ᠭᠠᠵᠠᠷ ᠢᠶᠠᠷ ᠰᠢᠯᠭᠠᠷᠠᠭᠤᠯᠵᠤ᠂ ᠲᠦᠸᠧᠪᠠ ᠰᠢᠶᠠᠨᠪᠢ ᠶᠢᠨ ᠲᠡᠦᠬᠡ ᠰᠣᠶᠣᠯ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢᠶᠠᠷ ᠦᠨᠡᠯᠡᠭᠳᠡᠭᠰᠡᠨ ᠪᠥᠭᠡᠳ ᠪᠦᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠤᠨ ᠴᠡᠭ ᠲᠤ ᠣᠷᠣᠭᠤᠯᠪᠠ᠃ ᠤᠷᠤᠯᠳᠤᠭᠠᠨ ᠤ ᠠᠵᠤ ᠠᠬᠤᠶ ᠶᠢ ᠢᠳᠡᠪᠬᠢᠲᠡᠶ ᠪᠣᠶ ᠪᠣᠯᠭᠠᠵᠤ᠂ ︽ᠮᠡᠷᠭᠡᠨ︾ ᠤ ᠰᠤᠮᠤᠨ ᠤ ᠸᠠᠩ ᠪᠤᠯᠢᠶᠠᠯᠳᠤᠬᠤ ᠤᠷᠤᠯᠳᠤᠭᠠᠨ ᠢ ᠰᠢᠨ᠎ᠡ ᠪᠠᠷ ᠡᠷᠭᠢᠯᠡᠵᠦ᠂ ᠡᠪᠦᠯ ᠤᠨ ᠤᠯᠠᠷᠢᠯ ᠤᠨ ᠰᠤᠷ ᠬᠠᠷᠪᠤᠬᠤ ᠬᠡᠭᠡᠷ᠎ᠡ ᠶᠢᠨ ᠤᠷᠤᠯᠳᠤᠭᠠᠨ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠣᠭᠤᠷᠢᠨ ᠳᠤ 11 ᠵᠦᠢᠯ ᠤᠨ ᠤᠷᠤᠯᠳᠤᠭᠠᠨ ᠡᠷᠭᠢᠯᠡᠵᠦ᠂ ᠴᠠᠰᠤᠨ ᠳᠤ ᠭᠤᠯᠭᠤᠬᠤ ᠵᠢᠵᠢᠭ ᠪᠠᠯᠭᠠᠰᠤᠨ ᠤ ᠲᠥᠷᠥᠯ ᠵᠦᠢᠯ ᠢ ᠢᠳᠡᠪᠬᠢᠲᠡᠶ ᠲᠥᠰᠦᠪᠯᠡᠵᠦ᠂ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠤ ᠠᠬᠤᠶ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠬᠥᠳᠡᠭᠡ ᠲᠣᠰᠬᠤᠨ ᠤ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰ ᠳᠡᠪᠰᠢᠭᠦᠯᠵᠦ᠂ 1611.52 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠳᠣᠪᠣᠭᠤᠷ ᠠᠪᠠ ᠶᠢᠨ ᠠᠷᠠᠳ ᠤᠨ ᠲᠣᠰᠬᠤᠨ᠂ ᠥᠯᠵᠡᠶ ᠨᠤᠲᠤᠭ ᠤᠨ ᠠᠷᠠᠳ ᠤᠨ ᠵᠠᠩ ᠦᠢᠯᠡ ᠶᠢᠨ ᠲᠣᠰᠬᠤᠨ ᠢ ᠥᠭᠡᠷᠡᠴᠢᠯᠡᠨ ᠰᠠᠶᠢᠵᠢᠷᠠᠭᠤᠯᠵᠤ᠂ ᠳ᠋ᠠ ᠶᠠᠩ ᠱᠤ᠋ ᠪᠠᠯᠭᠠᠰᠤ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠪᠠᠯᠭᠠᠰᠤ ᠪᠠᠷ ᠦᠨᠡᠯᠡᠭᠳᠡᠵᠦ᠂ ᠴᠢᠶᠣᠣᠨᠠᠨ ᠲᠣᠰᠬᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ᠂ ᠳ᠋ᠤᠪᠤᠬᠦᠷᠢᠶ᠎ᠡ ᠠᠩ ᠮᠢᠨ ᠲᠣᠰᠬᠤᠨ ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ︾ ᠢᠶᠠᠷ ᠦᠨᠡᠯᠡᠭᠳᠡᠪᠡ᠃ ᠪᠦᠬᠦ ᠵᠢᠯ ᠳᠤ ᠵᠤᠭᠠᠴᠠᠭᠰᠠᠳ ᠢ 179 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 25 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠤᠰ ᠲᠤᠰ 1 ᠳᠠᠬᠢᠨ ᠪᠠ 4 ᠳᠠᠬᠢᠨ ᠨᠡᠮᠡᠭᠳᠡᠪᠡ᠃    ︵ᠬᠤᠶᠠᠷ︶ ᠦᠷ᠎ᠡ ᠪᠦᠲᠦᠭᠡᠯ ᠢ ᠪᠠᠬᠢᠵᠢᠭᠦᠯᠵᠦ᠂ ᠵᠣᠯᠭᠠᠭᠤᠯᠬᠤ ᠶᠢ ᠴᠢᠩᠭᠠᠳᠬᠠᠵᠤ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠦᠷᠭᠦᠯᠵᠢᠯᠡᠨ ᠰᠠᠶᠢᠵᠢᠷᠠᠪᠠ    ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠪᠡ᠃ ᠵᠣᠯᠭᠠᠯᠴᠠᠭᠠᠨ ᠤ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠰᠬᠤᠨ ᠳᠤ ᠰᠠᠭᠤᠭ᠎ᠠ 208 ᠺᠠᠳ᠋ᠷ ᠢ ᠡᠭᠡᠯᠵᠢᠯᠡᠨ ᠰᠣᠯᠢᠵᠤ᠂ ᠵᠣᠯᠭᠠᠭᠤᠯᠬᠤ ᠪᠠᠯᠠ ᠮᠥᠩᠭᠦ ᠶᠢ 2.24 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠂ 51 ᠲᠥᠷᠥᠯ ᠵᠦᠢᠯ ᠢ ᠬᠡᠷᠡᠭᠵᠢᠭᠦᠯᠵᠦ᠂ ᠠᠵᠤ ᠦᠢᠯᠡᠰ ᠤᠨ ᠲᠥᠷᠥᠯ ᠤᠨ ᠪᠠᠯᠠ ᠮᠥᠩᠭᠦ ᠶᠢᠨ ᠡᠵᠡᠯᠡᠬᠦ ᠬᠠᠷᠢᠴᠠᠯ ᠢ 66.4% ᠳᠤ ᠬᠦᠷᠦᠭᠦᠯᠪᠡ︔ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠡᠯᠡ ᠮᠥᠩᠭᠦ ᠶᠢ 4957.23 ᠲᠦᠮᠡᠨ ᠲᠥᠭᠦᠷᠢᠭ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ 293 ᠡᠷᠦᠬᠡ 1366.1 ᠲᠦᠮᠡᠨ ᠲᠥᠭᠦᠷᠢᠭ ᠲᠠᠷᠬᠠᠭᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠶᠢ 24402 ᠲᠥᠭᠦᠷᠢᠭ ᠲᠤ ᠬᠦᠷᠭᠡᠵᠦ᠂ 14.4% ᠪᠠᠷ ᠨᠡᠮᠡᠭᠳᠡᠭᠦᠯᠪᠡ᠃ ᠤᠨᠴᠠᠯᠢᠭᠳᠤ ᠠᠵᠤ ᠦᠢᠯᠡᠰ ᠤᠨ ᠰᠠᠭᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ 157.8 ᠮᠥ ᠢᠳᠡᠭᠡᠨ ᠤ ᠮᠥᠭᠦ ᠶᠢᠨ ᠫᠧᠩ ᠢ ᠰᠢᠨ᠎ᠡ ᠪᠠᠷ ᠪᠠᠶᠢᠭᠤᠯᠤᠨ ᠥᠭᠡᠷᠡᠴᠢᠯᠡᠬᠦ ᠶᠢ ᠵᠣᠷᠢᠭᠵᠢᠭᠤᠯᠵᠤ᠂ ᠢᠳᠡᠭᠡᠨ ᠤ ᠮᠥᠭᠦ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 8᠂ ᠬᠢᠲᠠᠳ ᠡᠪᠡᠰᠦᠨ ᠡᠮ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 10᠂ ᠪᠣᠷᠣ ᠡᠳ᠋ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 5 ᠶᠢ ᠪᠠᠶᠢᠭᠤᠯᠵᠤ᠂ ᠢᠳᠡᠰᠢᠨ ᠮᠥᠭᠦ ᠶᠢ 2196.4 ᠲᠦᠮᠡᠨ ᠤᠭᠤᠲᠠ ᠳᠠᠷᠢᠵᠤ᠂ ᠡᠷᠬᠢᠨ ᠲᠣᠭᠤᠷᠢᠨ ᠤ ᠭᠠᠵᠠᠷ ᠣᠷᠣᠨ ᠳᠤ ᠨᠡᠶᠢᠲᠡ 7 ᠲᠦᠮᠡᠨ ᠮᠥ ᠪᠣᠷᠣ ᠰᠦ ᠳᠠᠷᠢᠵᠤ᠂ ︽ᠪᠠᠶᠢᠭᠠᠯ ᠤᠨ ᠬᠠᠶᠢᠷ᠎ᠠ︾ ᠶᠢᠨ ᠪᠣᠷᠣ ᠡᠳ᠋ ᠤᠨ ᠦᠷ᠎ᠡ ᠶᠢᠨ ᠲᠣᠰᠣ ᠳᠠᠷᠢᠵᠤ᠂ ᠪᠥᠬᠦ ᠣᠷᠣᠨ ᠤ ᠪᠣᠷᠣ ᠡᠳ᠋ ᠤᠨ ᠦᠷ᠎ᠡ ᠶᠢᠨ ᠭᠠᠳᠠᠭᠠᠳᠤ ᠠᠷᠠᠯᠵᠢᠶ᠎ᠠ ᠤᠷᠤᠭᠰᠢᠲᠠᠶ ᠭᠠᠷᠴᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ 5300 ᠲᠦᠮᠡᠨ ᠲᠥᠭᠦᠷᠢᠭ ᠲᠤ ᠬᠦᠷᠴᠦ᠂ 35.6% ᠪᠠᠷ ᠨᠡᠮᠡᠭᠳᠡᠨ᠂ ᠣᠷᠣᠯᠭ᠎ᠠ ᠨᠢ ᠵᠠᠭᠤᠨ ᠲᠦᠮᠡ ᠠᠴᠠ ᠳᠡᠭᠡᠭᠰᠢ ᠲᠣᠰᠬᠤᠨ ᠪᠦᠷᠢ ᠳᠤ 9 ᠪᠣᠯᠵᠣ᠂ ᠳᠤᠮᠳᠠᠴᠢ ᠪᠠᠷ ᠲᠣᠰᠬᠤᠨ ᠪᠦᠷᠢ ᠳᠤ 64 ᠲᠦᠮᠡᠨ ᠲᠥᠭᠦᠷᠢᠭ ᠤᠨ ᠣᠷᠣᠯᠭ᠎ᠠ ᠣᠯᠭᠤᠪᠠ᠃ ᠥᠪᠡᠷᠲᠡᠭᠡᠨ ᠵᠠᠰᠠᠬᠤ ᠣᠷᠣᠨ ᠤ ᠲᠤᠬᠠᠢ ᠶᠢᠨ ᠭᠠᠵᠠᠷ ᠤᠨ ᠬᠢᠨᠠᠨ ᠰᠢᠯᠭᠠᠯᠲᠠ ᠶᠢ ᠠᠮᠵᠢᠯᠲᠠ ᠲᠠᠢ ᠥᠩᠭᠡᠷᠡᠭᠡᠵᠦ
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ