| ︵ᠲᠦᠷᠪᠡ︶ ᠣᠷᠴᠢᠨ ᠠᠬᠤᠢ ᠶᠢ ᠰᠢᠯᠢᠳᠡᠭᠵᠢᠭᠦᠯᠦᠨ᠂ ᠬᠠᠮᠢᠶᠠᠷᠤᠯᠲᠠ ᠶᠢ ᠴᠢᠩᠭᠡᠳ᠋ᠭᠠᠨ᠂ ᠳᠡᠭᠡᠭᠰᠢᠯᠡᠯᠲᠡ ᠶᠢ ᠠᠬᠢᠭᠤᠯᠵᠤ᠂ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠢᠯᠡᠳᠲᠡ ᠠᠮᠵᠢᠯᠲᠠ ᠣᠯᠪᠠ᠃ | ᠬᠤᠲᠠ ᠪᠠᠯᠭᠠᠰᠤᠨ ᠤ ᠴᠢᠳᠠᠮᠵᠢ ᠨᠠᠩ ᠵᠣᠬᠢᠴᠠᠩᠭᠤᠶ ᠪᠣᠯᠪᠠ᠃ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠬᠡᠮᠵᠢᠶ᠎ᠡ ᠶᠢ | ᠳᠡᠭᠡᠭᠰᠢᠯᠡᠭᠦᠯᠦᠨ᠂ 8800 ᠲᠦᠮᠡᠨ ᠲᠥᠭᠦᠷᠢᠭ ᠤᠨ ᠪᠠᠯᠠ ᠣᠷᠣᠭᠤᠯᠵᠤ᠂ 6 ᠵᠠᠮ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠦᠨ᠂ ᠶᠠᠪᠠᠭᠠᠨ | ᠬᠥᠮᠦᠨ ᠤ ᠵᠠᠮ ᠢ ᠳᠡᠪᠢᠰᠴᠦ᠂ 5.43 ᠲᠦᠮᠡᠨ ᠲᠡᠭᠰᠢ ᠳᠥᠷᠪᠡᠯᠵᠢᠨ ᠮᠧᠳ᠋ᠷ ᠡᠪᠳᠡᠷᠬᠡᠶ ᠵᠠᠮ ᠤᠨ ᠭᠠᠳᠠᠷᠭᠤ ᠶᠢ ᠰᠡᠯᠪᠢᠨ ᠵᠠᠰᠠᠵᠤ᠂ 2100 ᠲᠡᠷᠭᠡ ᠵᠣᠭᠰᠣᠭᠠᠬᠤ | ᠪᠠᠶᠢᠷᠢ ᠶᠢ ᠬᠠᠩᠭᠠᠵᠤ᠂ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ 800 ᠲᠠᠯᠪᠢᠵᠤ᠂ 172 ᠭᠠᠷᠭᠠᠵᠤ᠂ ᠭᠠᠳᠠᠭᠰᠢ ᠭᠠᠷᠬᠤ ᠶᠠᠰᠤ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠪᠡ᠃ ᠭᠠᠵᠠᠷ ᠳᠣᠣᠷᠠᠬᠢ ᠬᠤᠭᠤᠯᠠᠶ ᠶᠢᠨ ᠲᠣᠤᠷ ᠤᠨ ᠲᠣᠭᠲᠠᠭᠤᠨ ᠬᠡᠮᠵᠢᠶ᠎ᠡ ᠶᠢ ᠳᠡᠭᠡᠭᠰᠢᠯᠡᠭᠦᠯᠵᠦ᠂ 1700 ᠲᠦᠮᠡᠨ ᠲᠥᠭᠦᠷᠢᠭ ᠤᠨ ᠪᠠᠯᠠ | ᠣᠷᠣᠭᠤᠯᠵᠤ᠂ ᠠ ᠯᠢ ᠾᠧ ᠪᠠᠯᠭᠠᠰᠤᠨ ᠤ ᠲᠣᠭᠤᠷᠢᠭ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠵᠡᠷᠭᠡ ᠭᠠᠵᠠᠷ ᠳᠣᠤᠷᠠᠬᠢ | ᠬᠤᠭᠤᠯᠠᠶ ᠶᠢᠨ ᠲᠣᠤᠷ ᠢ ᠥᠭᠡᠷᠡᠴᠢᠯᠡᠬᠦ 4 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠭᠤᠭᠤᠵᠢᠵᠤ ᠭᠤᠭᠤᠵᠢᠬᠤ ᠠᠰᠠᠭᠤᠳᠠᠯ ᠢ ᠪᠦᠲᠦᠮᠵᠢᠲᠡᠶ | ᠰᠠᠶᠢᠵᠢᠷᠠᠭᠤᠯᠤᠨ᠎ᠠ᠃ ᠢᠯᠴᠢ ᠬᠠᠩᠭᠠᠬᠤ ᠪᠠᠲᠤᠯᠠᠭ᠎ᠠ ᠶᠢᠨ ᠲᠥᠪᠰᠢᠷᠡᠯ ᠢ ᠳᠡᠭᠡᠭᠰᠢᠯᠡᠭᠦᠯᠵᠦ᠂ 2.02 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠳ᠋ᠠ | ᠶᠠᠩ ᠱᠤ᠋ ᠪᠠᠯᠭᠠᠰᠤᠨ ᠤ ᠢᠯᠴᠢ ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ᠂ ᠵᠢᠢ ᠸᠧᠨ ᠤ ᠲᠥᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ ᠵᠡᠷᠭᠡ 9 | ᠲᠦᠷᠦᠯ ᠵᠦᠢᠯ ᠢ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠨ᠎ᠠ᠃ ᠵᠢᠵᠢᠭ | ᠲᠣᠭᠤᠷᠢᠭ ᠤᠨ ᠠᠮᠢᠳᠤᠷᠠᠯ ᠤᠨ ᠲᠠᠭᠠᠯᠠᠮᠵᠢᠲᠠᠶ ᠪᠠᠶᠢᠬᠤ ᠶᠢ ᠳᠡᠭᠡᠭᠰᠢᠯᠡᠭᠦᠯᠵᠦ᠂ 3 ᠬᠠᠭᠤᠴᠢᠨ ᠵᠢᠵᠢᠭ ᠲᠣᠭᠤᠷᠢᠭ 2.35 ᠲᠦᠮᠡᠨ ᠲᠡᠭᠰᠢ ᠳᠥᠷᠪᠡᠯᠵᠢᠨ ᠮᠧᠳ᠋ᠷ | ᠥᠭᠡᠷᠡᠴᠢᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠪᠥᠬᠦ ᠬᠤᠰᠢᠭᠤᠨ ᠤ ᠵᠢᠵᠢᠭ ᠲᠣᠭᠤᠷᠢᠭ ᠤᠨ ᠠᠳᠠᠯ ᠠᠬᠤᠶ ᠶᠢᠨ ᠪᠦᠷᠬᠦᠴᠡ ᠶᠢᠨ ᠨᠣᠷᠮ᠎ᠠ | 70% ᠳᠤ ᠬᠦᠷᠴᠦ᠂ ᠣᠷᠣᠨ ᠰᠠᠭᠤᠴᠠ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠬᠤᠲᠠ ᠪᠠᠯᠭᠠᠰᠤᠨ ᠤ ᠬᠠᠮᠢᠶᠠᠷᠤᠯᠲᠠ ᠶᠢᠨ ᠨᠠᠷᠢᠯᠢᠭ ᠤᠨ | ᠬᠡᠮᠵᠢᠶ᠎ᠡ ᠶᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠮᠠᠷᠠᠬᠤ ᠥᠷᠲᠡᠭᠡ ᠶᠢ 38 ᠭᠠᠷᠭᠠᠵᠤ᠂ ᠬᠤᠲᠠ ᠪᠠᠯᠭᠠᠰᠤᠨ ᠤ | 589 ᠠᠷᠬᠠᠭ ᠭᠡᠮ ᠢ ᠴᠡᠪᠡᠷᠯᠡᠵᠦ᠂ ᠥᠷᠯᠥᠭᠡ ᠶᠢᠨ ᠵᠠᠬ᠎ᠠ ᠰᠥᠨᠢ ᠶᠢᠨ ᠵᠠᠬ᠎ᠠ ᠳᠡᠯᠭᠡᠭᠦᠷ 3᠂ ᠬᠤᠲᠠ ᠪᠠᠯᠭᠠᠰᠤᠨ ᠤ ᠨᠣᠭᠤᠭᠠᠨ ᠬᠥᠷᠥᠰᠥ ᠶᠢ ᠭᠤᠶᠣᠯᠠᠵᠤ | ᠨᠣᠭᠤᠭᠠᠷᠠᠭᠤᠯᠤᠭᠰᠠᠨ ᠨᠣᠷᠮ᠎ᠠ 2700 ᠲᠡᠭᠰᠢ ᠳᠥᠷᠪᠡᠯᠵᠢᠨ ᠮᠧᠳ᠋ᠷ ᠪᠠᠶᠢᠵᠤ᠂ ᠬᠤᠲᠠ ᠶᠢᠨ ᠳᠦᠷᠰᠦ ᠪᠠᠶᠢᠳᠠᠯ ᠢ ᠣᠷᠳᠣ ᠬᠤᠭᠤᠴᠠᠭ᠎ᠠ ᠪᠠᠷ ᠪᠦᠲᠦᠮᠵᠢᠲᠡᠶ | ᠴᠡᠭᠴᠡᠯᠡᠨ ᠵᠠᠰᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠬᠤ ᠠᠵᠢᠯ ᠢ ᠤᠷᠤᠭᠰᠢᠲᠠᠶ ᠥᠩᠭᠡᠷᠡᠭᠦᠯᠪᠡ᠃ | ᠠᠮᠢ ᠠᠬᠤᠢ ᠶᠢᠨ ᠣᠷᠴᠢᠨ ᠨᠥᠬᠦᠴᠡᠯ ᠨᠡᠩ ᠦᠵᠡᠰᠬᠦᠯᠡᠩᠲᠦ ᠰᠠᠶᠢᠬᠠᠨ ᠪᠣᠯᠪᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠰᠠᠶᠢᠨ ᠦᠷ᠎ᠡ ᠪᠦᠲᠦᠮᠵᠢ ᠣᠯᠵᠤ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ | ᠡᠳᠦᠷ ᠤᠨ ᠲᠤᠭ᠎ᠠ᠂ ᠤᠰᠤᠨ ᠤ ᠴᠢᠨᠠᠷ ᠰᠠᠶᠢᠨ ᠬᠠᠷᠢᠴᠠᠯ᠂ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠮᠤᠷ ᠲᠦᠪᠰᠢᠨ ᠢᠶᠠᠷ | ᠠᠰᠢᠭᠯᠠᠬᠤ ᠨᠣᠷᠮ᠎ᠠ ᠶᠢ 100% ᠳᠤ ᠬᠦᠷᠦᠭᠦᠯᠵᠦ᠂ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ︽ᠬᠤᠶᠠᠷ ᠳᠠᠷᠤᠭ᠎ᠠ︾ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠨᠤᠭᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠢᠳᠡᠭᠳᠡᠭᠰᠡᠨ ᠭᠤᠤ ᠶᠢ 887 | ᠵᠤᠷᠪᠤᠰ ᠵᠠᠰᠠᠵᠤ᠂ 1 ᠲᠦᠮᠡᠨ ᠮᠦ ᠰᠡᠶᠢᠷᠡᠭ ᠣᠶᠢᠲᠤ ᠭᠠᠵᠠᠷ ᠢ ᠨᠥᠬᠦᠵᠦ ᠳᠠᠷᠢᠵᠤ᠂ 0.2 ᠲᠦᠮᠡᠨ ᠮᠦ ᠲᠠᠴᠢᠷᠳᠠᠭᠰᠠᠨ ᠣᠢ ᠶᠢ ᠵᠠᠰᠠᠨ ᠰᠡᠷᠭᠦᠭᠡᠵᠦ᠂ 33 | ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ ᠠᠮᠢ ᠠᠬᠤᠢ ᠶᠢᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ︽ᠬᠤᠣᠰ | ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ᠂ ᠬᠦᠴᠦᠯᠡᠴᠡ ᠪᠠᠷ ︽ | ᠬᠤᠣᠰ ᠨᠣᠭᠤᠭᠠᠨ︾ ᠢ ᠪᠡᠶᠡᠯᠡᠭᠦᠯᠵᠦ᠂ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠤᠢ ᠰᠢᠭᠤᠢ ᠡᠪᠡᠰᠦ ᠴᠢᠭᠢᠭᠯᠢᠭ ᠨᠤᠭᠤ ᠭᠠᠵᠠᠷ ᠢ ᠰᠢᠩᠭᠡᠭᠡᠨ | ᠠᠪᠬᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠨᠡᠭᠦᠷᠡᠰᠦᠲᠥ᠋ᠷᠥᠭᠴᠢ ᠶᠢ | ᠬᠤᠷᠠᠭᠤᠯᠤᠨ ᠠᠪᠬᠤ ᠠᠷᠠᠯᠵᠢᠶᠠᠨ ᠤ ᠰᠠᠭᠤᠷᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ | ᠰᠠᠭᠤᠷᠢ ᠲᠥᠬᠦᠭᠡᠷᠦᠮᠵᠢ ᠶᠢ ᠨᠡᠩ ᠲᠡᠭᠦᠯᠳᠡᠷᠵᠢᠭᠦᠯᠦᠨ᠎ᠡ᠃ ᠮᠤᠵᠢ ᠶᠢᠨ ᠳᠡᠰ ᠤᠨ ᠵᠠᠮ 303 ᠱᠤᠭᠤᠮ ᠤᠨ ᠳᠠᠷᠪᠢᠨ ᠨᠠᠭᠤᠷ ᠤᠨ ᠦᠵᠡᠮᠵᠢ ᠶᠢᠨ ᠣᠷᠣᠨ ᠤ | ᠪᠠᠷᠠᠭᠤᠨ ᠡᠭᠦᠳᠡ ᠠᠴᠠ ᠰᠢᠷᠡᠮᠦᠨ ᠨᠠᠭᠤᠷ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ᠂ ᠭᠠᠨ ᠾᠧ ᠲᠠᠷᠢᠶᠠᠯᠠᠩ ᠤᠨ ᠲᠠᠯᠠᠪᠠᠢ ᠠᠴᠠ ᠳ᠋ᠠ ᠶᠠᠩ | ᠱᠦ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠰᠢᠨ ᠵᠠᠩ ᠹᠠᠩ ᠠᠴᠠ ᠦᠷᠦᠮᠴᠢ ᠬᠦᠷᠬᠦ ᠭᠤᠷᠪᠠᠳᠤᠭᠠᠷ ᠳᠡᠰ ᠤᠨ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ | ᠲᠡᠷᠭᠡ ᠨᠡᠪᠲᠡᠷᠡᠭᠦᠯᠦᠨ᠂ ᠳ᠋ᠠ ᠶᠠᠩ ᠱᠤ᠋ ᠠᠴᠠ ᠶᠤᠸᠠᠢ ᠶᠢᠨ ᠣᠢ ᠰᠢᠭᠤᠢ ᠶᠢᠨ ᠲᠠᠯᠠᠪᠠᠢ ︵ᠨᠢᠭᠡᠳᠦᠭᠡᠷ ᠬᠤᠭᠤᠴᠠᠭ᠎ᠠ︶ ᠬᠦᠷᠬᠦ ᠭᠤᠷᠪᠠᠳᠤᠭᠠᠷ ᠳᠡᠰ ᠤᠨ ᠵᠠᠰᠠᠮᠠᠯ | ᠵᠠᠮ ᠤᠨ ᠭᠠᠳᠠᠷᠭᠤ ᠶᠢ 16 ᠺᠢᠯᠣᠮᠧᠳ᠋ᠷ ᠳᠡᠪᠢᠰᠴᠦ᠂ ᠮᠤᠵᠢ ᠶᠢᠨ ᠳᠡᠰ ᠤᠨ 201 ᠱᠤᠭᠤᠮ ᠤᠨ ᠮᠤᠬᠤᠷ ᠵᠠᠮ ᠢ 7 ᠺᠢᠯᠣᠮᠧᠳ᠋ᠷ ᠨᠡᠪᠲᠡᠷᠡᠭᠦᠯᠵᠦ᠂ ︽ᠳᠦᠷᠪᠡᠨ | ᠬᠥᠨᠳᠡᠯᠡᠨ ᠲᠠᠪᠤᠨ ᠭᠤᠯᠳᠤ︾ ᠶᠢᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠦᠨᠳᠦᠰᠦᠨ ᠳᠤ ᠪᠠᠨ ᠬᠡᠪᠰᠢᠭᠦᠯᠪᠡ᠃ ᠢ ᠮᠦ ᠱᠢᠯᠵᠢᠯᠲᠡ ᠶᠢᠨ ᠰᠤᠪᠤᠷᠭ᠎ᠠ 33 | ᠰᠠᠭᠤᠷᠢ ᠶᠢ ᠪᠠᠢᠭᠤᠯᠵᠤ᠂ 5G ᠰᠠᠭᠤᠷᠢ ᠥᠷᠲᠡᠭᠡ 63᠂ 4G ᠰᠠᠭᠤᠷᠢ ᠥᠷᠲᠡᠭᠡ 77 ᠰᠠᠭᠤᠷᠢ ᠶᠢ ᠱᠢᠨ᠎ᠡ ᠪᠠᠷ ᠪᠠᠢᠭᠤᠯᠵᠤ᠂ ᠣᠯᠠᠨ ᠲᠦᠮᠡᠨ ᠤ ᠠᠮᠢᠳᠤᠷᠠᠯ | ᠨᠡᠩ ᠳᠥᠭᠦᠮ ᠪᠣᠯᠵᠠᠢ᠃ |