ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠠᠢᠮᠠ︶
ᠨᠡᠶᠢᠲᠡᠯᠡᠭᠰᠡᠨ ᠴᠠᠭ᠄
2024/10/28
   ᠡᠭᠦᠨ ᠤ ᠬᠠᠮᠲᠤ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠮᠡᠭᠲᠡᠶᠢᠴᠦᠳ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠠᠵᠢᠯ ᠢᠶᠠᠨ ᠥᠷᠨᠢᠭᠦᠯᠬᠦ ᠶᠢ ᠶᠡᠬᠡᠪᠡᠷ ᠳᠡᠮᠵᠢᠨ᠎ᠡ᠃ ᠬᠢᠨᠠᠨ ᠪᠣᠳᠣᠬᠤ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠳᠠᠭᠠᠳᠬᠠᠯ᠂ ᠴᠠᠭ ᠠᠭᠤᠷ᠂ ᠰᠢᠦᠳᠠᠨ᠂ ᠴᠢᠮᠡᠭᠡ ᠨᠡᠪᠲᠡᠷᠡᠯᠭᠡ᠂ ᠴᠢᠯᠠᠭᠤᠨ ᠲᠣᠰᠣ᠂ ᠨᠠᠪᠴᠢᠨ ᠲᠠᠮᠠᠬᠢ ᠵᠡᠷᠭᠡ ᠠᠵᠢᠯ ᠰᠢᠨ᠎ᠡ ᠠᠮᠵᠢᠯᠲᠠ ᠣᠯᠪᠠ᠃    ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠪᠡᠯ᠂ ᠣᠯᠤᠭᠰᠠᠨ ᠠᠮᠵᠢᠯᠲᠠ ᠪᠦᠲᠦᠮᠵᠢ ᠨᠢ ᠮᠠᠰᠢ ᠡᠷᠬᠢᠮ ᠨᠠᠨᠳᠢᠨ ᠶᠤᠮ᠃ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠣᠬᠢᠷᠠᠭᠤᠯᠤᠯᠲᠠ ᠶᠢ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠵᠤ᠂ ᠪᠦᠬᠦ ᠵᠢᠯ ᠳᠤ ᠲᠣᠭᠲᠠᠭᠤᠨ᠂ ᠪᠦᠬᠦ ᠵᠢᠯ ᠳᠤ ᠤᠷᠤᠭᠰᠢᠯᠠᠬᠤ ᠶᠢ ᠪᠡᠶᠡᠯᠡᠭᠦᠯᠪᠡ᠃ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠳᠠᠭᠠᠭᠤᠯᠤᠭᠰᠠᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠲᠠᠯᠪᠢᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠬᠢᠭᠰᠡᠨ ᠤ ᠦᠷ᠎ᠡ ᠳ᠋ᠦᠩ ᠮᠥᠨ᠂ ᠪᠡᠭᠡᠵᠢᠩ ᠬᠤᠲᠠ ᠵᠢᠴᠢ ᠰᠢ ᠴᠧᠩ ᠲᠣᠭᠤᠷᠢᠭ᠂ ᠠᠷᠠᠳᠴᠢᠯᠠᠯ ᠢᠶᠠᠷ ᠤᠯᠤᠰ ᠤᠨ ᠬᠤᠷᠠᠯ ᠪᠠᠶᠢᠭᠤᠯᠬᠤ᠂ ᠲᠤᠰᠢᠶᠠᠯ ᠡᠭᠦᠷᠭᠡᠯᠡᠬᠦ ᠪᠦᠯᠬᠦᠮ ᠨᠡᠶᠢᠲᠡ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠷᠠᠮ ᠥᠬᠡᠶ ᠵᠣᠷᠢᠭᠤᠯᠵᠤ ᠬᠦᠴᠦᠲᠡᠶ ᠳᠡᠮᠵᠢᠭᠰᠡᠨ ᠤ ᠦᠷ᠎ᠡ ᠳ᠋ᠦᠩ ᠮᠥᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ ᠬᠦᠴᠢᠷ ᠢ ᠳᠤᠭᠤᠯᠤᠨ ᠪᠡᠷᠬᠡ ᠶᠢ ᠳᠠᠪᠠᠭᠰᠠᠨ ᠤ ᠦᠷ᠎ᠡ ᠳ᠋ᠦᠩ ᠮᠥᠨ᠃ ᠠᠳᠡ᠂ ᠪᠢ ᠬᠤᠰᠢᠭᠤᠨ ᠤ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠡᠭᠡᠵᠢᠩ ᠬᠤᠲᠠ ᠵᠢᠴᠢ ᠪᠠᠷᠠᠭᠤᠨ ᠬᠤᠲᠠ ᠲᠣᠭᠤᠷᠢᠭ᠂ ᠠᠷᠠᠳᠴᠢᠯᠠᠯ ᠢᠶᠠᠷ ᠤᠯᠤᠰ ᠤᠨ ᠬᠤᠷᠠᠯ ᠪᠠᠶᠢᠭᠤᠯᠬᠤ᠂ ᠲᠦᠷ ᠴᠠᠭ ᠲᠤᠰᠢᠶᠠᠯ ᠡᠭᠦᠷᠭᠡᠯᠡᠬᠦ ᠪᠦᠯᠬᠦᠮ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠬᠤᠰᠢᠭᠤᠨ ᠳᠤ ᠰᠠᠭᠤᠭ᠎ᠠ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠵᠢᠴᠢ ᠮᠠᠨ ᠤ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ ᠬᠠᠪᠰᠤᠷᠤᠭᠰᠠᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠲᠥᠯᠥᠭᠡᠯᠡᠭᠴᠢᠳ ᠡ︕ ᠴᠢᠨᠠᠷ ᠰᠠᠶᠢᠲᠠᠢ ᠬᠥᠭᠵᠢᠯᠲᠡ ᠶᠢᠨ ᠥᠨᠳᠥᠷ ᠲᠦᠪᠰᠢᠨ ᠪᠦᠬᠦᠢ ᠨᠡᠭᠡᠭᠡᠯᠲᠡ ᠲᠠᠢ ᠴᠠᠭ ᠦᠶ᠎ᠡ ᠶᠢᠨ ᠰᠢᠯᠭᠠᠯᠲᠠ ᠶᠢᠨ ᠡᠮᠦᠨ᠎ᠡ᠂ ᠪᠢᠳᠡ ᠠᠮᠵᠢᠯᠲᠠ ᠪᠠᠨ ᠨᠤᠲᠠᠯᠠᠬᠤ ᠪᠠᠷ ᠪᠠᠷᠠᠬᠤ ᠦᠭᠡᠢ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠬᠥᠭᠵᠢᠯᠲᠡ ᠶᠢᠨ ᠰᠠᠭᠤᠷᠢ ᠨᠡᠯᠢᠶᠡᠳ ᠪᠠᠭᠤᠷᠠᠢ︔ ︽ᠨᠢᠭᠡ ᠭᠤᠣᠯ ᠭᠤᠷᠪᠠᠨ ᠣᠨᠴᠠᠯᠢᠭ︾ ᠢᠶᠠᠷ ᠭᠤᠣᠯᠯᠠᠭᠤᠯᠬᠤ ᠲᠠᠯ᠎ᠠ ᠪᠠᠷ ᠴᠢᠩᠭ᠎ᠠ ᠪᠢᠰᠢ᠂ ᠨᠠᠷᠢᠯᠢᠭ ᠡᠳ᠋ᠰᠢᠭᠦᠯᠬᠦ ᠵᠡᠷᠭᠡ ᠣᠨᠴᠠᠯᠢᠭᠲᠤ ᠠᠵᠤ ᠦᠢᠯᠡᠰ ᠰᠠᠶ᠋ᠢ ᠡᠬᠢᠯᠡᠵᠦ ᠪᠠᠶᠢᠨ᠎ᠠ︔ ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠤᠨ ᠳᠠᠯᠳᠠ ᠬᠦᠴᠦᠨ ᠬᠠᠷᠠᠬᠠᠨ ᠭᠦᠢᠴᠡᠳ ᠠᠭᠤᠳᠠᠯᠵᠤ ᠴᠢᠳᠠᠭᠰᠠᠨ ᠦᠭᠡᠢ᠂ ᠬᠥᠮᠥᠰ ᠤᠨ ᠬᠦᠷᠢᠶᠡᠯᠡᠯ ᠢ ᠨᠢᠭᠲᠠᠷᠠᠭᠤᠯᠤᠭᠰᠠᠨ ᠦᠭᠡᠢ ᠲᠠᠲᠠᠬᠤ ᠬᠦᠴᠦᠨ ᠮᠥᠨ ᠯᠡ ᠬᠤᠪᠢᠷᠠᠭ᠎ᠠ ᠦᠭᠡᠢ︔ ᠡᠮᠴᠢᠯᠡᠭᠡ ᠡᠷᠡᠭᠦᠯ ᠬᠠᠮᠠᠭᠠᠯᠠᠯ ᠂ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ ᠵᠡᠷᠭᠡ ᠲᠠᠯ᠎ᠠ ᠶᠢᠨ ᠴᠢᠨᠠᠷ ᠰᠠᠶᠢᠲᠠᠢ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠬᠢᠭᠡᠳ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠡᠭᠦᠨ ᠠᠴᠠ ᠭᠠᠳᠠᠨ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠬᠤᠷᠴᠠᠳᠴᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠠᠬᠢᠭᠤᠯᠬᠤ ᠡᠭᠦᠷᠭᠡ ᠨᠦᠰᠡᠷ ᠬᠦᠨᠳᠦ ᠪᠠᠶᠢᠨ᠎ᠠ︔ ᠵᠠᠰᠠᠭ ᠵᠠᠬᠢᠷᠭᠠᠨ ᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠ ᠬᠡᠷᠡᠭᠵᠢᠭᠦᠯᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠵᠡᠷᠭᠡ ᠠᠰᠠᠭᠤᠳᠠᠯ ᠢ ᠣᠮᠲᠣᠭᠠᠶᠢᠯᠠᠵᠤ ᠪᠣᠯᠤᠰᠢ ᠥᠬᠡᠶ ᠪᠠᠶᠢᠨ᠎ᠠ᠃ ᠡᠭᠦᠨ ᠳᠤ ᠪᠢᠳᠡ ᠵᠠᠶᠢᠯᠠᠬᠤ ᠦᠭᠡᠢ᠂ ᠨᠢᠭᠤᠵᠤ ᠳᠠᠯᠳᠠᠯᠠᠬᠤ ᠦᠭᠡᠢ᠂ ᠴᠠᠯᠠᠭᠠᠶᠢᠷᠠᠬᠤ ᠦᠭᠡᠢ ᠪᠠᠶᠢᠵᠤ᠂ ᠡᠷᠴᠢᠮ ᠢᠶᠠᠨ ᠴᠢᠩᠭᠠᠷᠠᠭᠤᠯᠤᠨ ᠦᠷᠭᠦᠯᠵᠢᠯᠡᠨ ᠰᠠᠶᠢᠵᠢᠷᠠᠭᠤᠯᠵᠤ᠂ ᠪᠦᠬᠦ ᠬᠤᠰᠢᠭᠤᠨ ᠤ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠶᠤᠮ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ