ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠠᠷᠪᠠ︶
ᠨᠡᠶᠢᠲᠡᠯᠡᠭᠰᠡᠨ ᠴᠠᠭ᠄
2024/10/28
    ︵ᠨᠢᠭᠡ︶ ᠣᠨᠴᠠᠯᠢᠭ ᠢᠶᠠᠷ ᠬᠦᠲᠦᠯᠦᠨ ᠳᠠᠭᠠᠭᠤᠯᠬᠤ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ᠎ᠡ    ᠮᠠᠯ ᠤᠨ ᠠᠰᠢᠭ ᠰᠢᠮ᠎ᠡ ᠲᠠᠷᠢᠶᠠᠯᠠᠩ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠎ᠠ᠃ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠᠷ ᠭᠤᠤᠯ ᠳᠠᠭᠠᠷᠢᠬᠤ ᠴᠢᠭᠯᠡᠯ ᠪᠣᠯᠭᠠᠵᠤ᠂ ᠬᠠᠷᠠᠯᠲᠠ ᠲᠠᠢ ᠰᠤᠮᠤ ᠬᠠᠷᠪᠤᠬᠤ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠬᠤᠷᠢᠶᠠᠯᠲᠠ ᠨᠡᠮᠡᠭᠳᠡᠭᠦᠯᠬᠦ ᠳᠠᠯᠳᠠ ᠬᠦᠴᠦᠨ ᠢ ᠪᠣᠳᠠᠲᠤ ᠭᠠᠷᠤᠯᠲᠠ ᠪᠣᠯᠭᠠᠨ ᠬᠤᠪᠢᠷᠠᠭᠤᠯᠬᠤ ᠬᠡᠷᠡᠭᠲᠡᠶ᠃ ︽ᠨᠢᠭᠡ ᠶᠢ ᠥᠷᠭᠡᠳᠬᠡᠵᠦ ᠨᠢᠭᠡ ᠶᠢ ᠨᠡᠮᠡᠭᠳᠡᠭᠦᠯᠬᠦ︾ ᠶᠢ ᠪᠠᠷᠢᠮᠲᠠᠯᠠᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠵᠡᠭᠦᠨ ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠬᠤ ᠢᠨᠵᠧᠨᠧᠷᠢᠩ ᠢ 190 ᠲᠦᠮᠡᠨ ᠮᠦ ᠬᠡᠷᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ 430 ᠲᠦᠮᠡᠨ ᠮᠦ᠂ ᠬᠤᠷᠢᠶᠠᠯᠲᠠ 12 ᠳ᠋ᠦᠩᠰᠢᠭᠤᠷ ᠵᠢᠩ ᠠᠴᠠ ᠳᠡᠭᠡᠭᠰᠢᠬᠢ ᠶᠢ ᠦᠨᠡᠨᠬᠦ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ︽ᠬᠤᠶᠠᠷ ᠢ ᠥᠷᠭᠡᠳᠬᠡᠵᠦ ᠬᠤᠶᠠᠷ ᠢ ᠳᠡᠭᠡᠭᠰᠢᠯᠡᠭᠦᠯᠬᠦ︾ ᠶᠢ ᠪᠠᠷᠢᠮᠲᠠᠯᠠᠵᠤ᠂ ᠰᠢᠷ᠎ᠠ ᠪᠤᠷᠴᠠᠭ ᠤᠨ ᠦᠨᠳᠦᠰᠦ ᠶᠢᠨ ᠪᠠᠺᠲ᠋ᠧᠷᠢ ᠶᠢᠨ ᠡᠮ ᠠᠮᠢᠳᠤ ᠪᠣᠳᠠᠰ ᠤᠨ ᠣᠷᠭᠠᠨᠢᠭ ᠦᠷ᠎ᠡ ᠶᠢᠨ ᠬᠤᠪᠴᠠᠰᠤ ᠡᠮᠲᠦ ᠠᠽᠣᠲ ᠬᠦᠴᠢᠯ ᠤᠨ ᠪᠠᠺᠲ᠋ᠧᠷᠢ ᠳᠠᠷᠢᠬᠤ ᠮᠡᠷᠭᠡᠵᠢᠯ ᠢ ᠳᠡᠯᠭᠡᠷᠡᠭᠦᠯᠵᠦ᠂ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ 21 ᠲᠥᠷᠥᠯ ᠵᠦᠢᠯ ᠢ ᠬᠡᠷᠡᠭᠵᠢᠭᠦᠯᠦᠨ᠂ ᠰᠢᠷ᠎ᠠ ᠪᠤᠷᠴᠠᠭ ᠤᠨ ᠵᠢᠱᠢᠶ᠎ᠡ ᠦᠵᠡᠭᠦᠯᠬᠦ 4 ᠠᠵᠤ ᠠᠬᠤᠶᠢᠯᠠᠯ ᠢ ᠲᠡᠳᠡᠨ ᠠᠪᠴᠢᠷᠠᠵᠤ ᠪᠣᠳᠠᠲᠠᠶᠢᠵᠢᠭᠤᠯᠵᠤ᠂ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 78% ᠠᠴᠠ ᠳᠡᠭᠡᠭᠰᠢ ᠳᠤ ᠬᠦᠷᠦᠭᠦᠯᠦᠨ᠎ᠡ᠂ ᠤᠯᠤᠰ ᠤᠨ ᠲᠠᠰ ᠤᠨ ᠲᠠᠷᠢᠶᠠᠯᠠᠩ ᠤᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠤᠨ᠎ᠠ︔ ᠲᠠᠷᠢᠶᠠᠨ ᠭᠠᠵᠠᠷ ᠤᠨ ᠦᠷ᠎ᠡ ᠰᠣᠩᠭᠤᠬᠤ ᠲᠠᠪᠴᠠᠩ ᠤᠨ ᠦᠷ᠎ᠡ ᠪᠦᠲᠦᠭᠡᠯ ᠢ ᠥᠷᠭᠡᠳᠬᠡᠵᠦ᠂ ᠲᠣᠰ ᠲᠣᠰ ᠰᠢᠷ᠎ᠠ ᠪᠤᠷᠴᠠᠭ᠂ ᠡᠷᠳᠡᠨᠢ ᠰᠢᠰᠢ ᠶᠢᠨ ᠲᠥᠷᠥᠯ ᠵᠦᠢᠯ 60᠂ 20 ᠠᠴᠠ ᠳᠡᠭᠡᠭᠰᠢ ᠪᠣᠯᠤᠨ᠎ᠠ︔ ︽ᠳᠥᠷᠪᠡᠨ ᠪᠦᠷᠢᠨ︾ ᠲᠠᠷᠢᠶᠠᠯᠠᠩ ᠤᠨ ᠮᠠᠰᠢᠨ ᠤ ᠬᠥᠭᠵᠢᠯᠲᠡ ᠶᠢ ᠶᠡᠬᠡᠪᠡᠷ ᠠᠬᠢᠭᠤᠯᠵᠤ᠂ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 95% ᠳᠤ ᠬᠦᠷᠦᠭᠦᠯᠬᠦ ᠪᠠᠷ ᠴᠢᠷᠮᠠᠶᠢᠵᠤ᠂ ᠪᠥᠬᠦ ᠶᠠᠪᠤᠴᠠ ᠳᠤ ᠭᠠᠷᠤᠯᠲᠠ ᠪᠠᠨ ᠨᠡᠮᠡᠭᠳᠡᠭᠦᠯᠦᠨ ᠡᠯᠪᠡᠭ ᠬᠤᠷᠢᠶᠠᠯᠲᠠ ᠪᠠᠨ ᠪᠠᠲᠤᠯᠠᠨ᠎ᠠ᠃ ︽ᠬᠤᠶᠠᠷ ᠢ ᠲᠣᠭᠲᠠᠪᠤᠷᠢᠵᠢᠭᠤᠯᠵᠤ ᠨᠢᠭᠡ ᠶᠢ ᠨᠥᠬᠦᠪᠥᠷᠢᠯᠡᠬᠦ︾ ᠶᠢ ᠪᠠᠷᠢᠮᠲᠠᠯᠠᠨ᠂ ᠠᠯᠠᠰᠢᠨ ᠦᠬᠡᠷ᠂ ᠠᠯᠠᠰᠢᠨ ᠬᠤᠨᠢᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠮᠠᠯ ᠤᠨ ᠲᠤᠭ᠎ᠠ ᠲᠣᠯᠣᠭᠠᠢ ᠶᠢ 40 ᠲᠦᠮᠡᠨ ᠲᠣᠯᠣᠭᠠᠶ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠨ᠎ᠠ︔ ᠣᠲᠣ ᠦᠶ᠎ᠡ ᠶᠢᠨ ᠪᠡᠯᠡᠳᠬᠡᠮᠵᠢᠲᠦ ᠬᠦᠢᠲᠡᠨ ᠤᠰᠤᠨ ᠤ ᠵᠢᠭᠠᠰᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠥᠯᠥᠪᠯᠡᠵᠦ᠂ ᠵᠧ ᠯᠦᠸᠧ ᠲᠣᠯᠤ᠂ ᠨᠠᠷᠢᠨ ᠬᠠᠶᠢᠷᠰᠤᠲᠤ ᠲᠣᠯᠣ ᠵᠡᠷᠭᠡ 6 ᠵᠦᠢᠯ ᠤᠨ ᠣᠨᠴᠠᠯᠢᠭᠲᠤ ᠡᠭᠦᠯᠳᠡᠷ ᠢ ᠰᠣᠩᠭᠤᠨ ᠬᠡᠷᠡᠭᠯᠡᠬᠦ ᠶᠢ ᠪᠤᠶᠢᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠥᠬᠦ ᠬᠦᠷᠢᠶᠡᠨ ᠳᠤ ᠴᠢᠷᠮᠠᠶᠢᠨ ᠳᠡᠭᠡᠭᠰᠢᠯᠡᠭᠦᠯᠦᠨ᠎ᠡ᠃    ᠠᠵᠤ ᠦᠶ᠋ᠯᠡᠳᠪᠦᠷᠢ ᠶᠢᠨ ᠬᠥᠭᠵᠢᠯᠲᠡ ᠶᠢᠨ ᠲᠦ᠋ᠷᠭᠡᠨ ᠳᠠᠪᠰᠢᠯᠲᠠ ᠶᠢ ᠳᠠᠷᠤᠬᠤ᠃ ᠬᠡᠪᠴᠢᠶᠡᠨ ᠠᠴᠠ ᠳᠡᠭᠡᠭᠰᠢᠬᠢ ᠠᠵᠤ ᠠᠬᠤᠶᠢᠯᠠᠯ᠂ ︽ᠨᠢᠭᠡ ᠭᠤᠤᠯ ᠭᠤᠷᠪᠠᠨ ᠣᠨᠴᠠ︾ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠢ ᠬᠠᠮᠲᠤ ᠪᠠᠷ ᠬᠦᠴᠦᠯᠡᠵᠦ ᠲᠦᠷᠭᠡᠳᠬᠡᠨ ᠬᠥᠭᠵᠢᠭᠦᠯᠬᠦ ᠶᠢ ᠪᠠᠷᠢᠮᠲᠠᠯᠠᠨ᠎ᠠ᠃ ᠳᠠᠪᠠᠭᠤᠯᠢᠭ ᠲᠠᠢ ᠪᠠᠶᠢᠬᠤ ᠳᠠᠪᠠᠭᠤᠯᠢᠭ ᠢ ᠶᠡᠬᠡᠰᠬᠡᠵᠦ ᠬᠦᠴᠦᠷᠬᠡᠭᠵᠢᠭᠦᠯᠦᠨ᠂ ᠠᠴᠢᠶ᠎ᠠ ᠳᠦᠭᠦᠷᠡᠩ ᠠᠵᠢᠯᠯᠠᠭᠤᠯᠬᠤ ᠤᠷᠮᠠᠰᠢᠭᠤᠯᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠴᠢᠯᠡᠭᠡᠨ ᠤ ᠳᠠᠷᠤᠭ᠎ᠠ ᠶᠢᠨ ᠳᠦᠷᠢᠮ ᠢ ᠬᠡᠷᠡᠭᠵᠢᠭᠦᠯᠦᠨ᠂ ᠠᠵᠤ ᠠᠬᠤᠶᠢᠯᠠᠯ ᠳᠤ ᠬᠦᠰᠡᠯ ᠱᠠᠭᠠᠷᠳᠠᠯᠭ᠎ᠠ ᠲᠠᠢ ᠵᠠᠰᠠᠭ ᠤᠨ ᠣᠷᠳᠣᠨ ᠠᠵᠢᠯᠯᠠᠭ᠎ᠠ ᠲᠠᠢ ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠪᠦᠬᠦ ᠵᠢᠯ ᠤᠨ ᠡᠵᠡᠩᠨᠡᠯᠲᠡ᠂ ᠥᠨᠳᠥᠷ ᠪᠦᠲᠦᠮᠵᠢᠲᠡᠶ ᠦᠢᠯᠡᠳᠪᠦᠷᠢᠯᠡᠯ ᠢ ᠦᠨᠡᠨ ᠬᠦ ᠪᠠᠲᠤᠯᠠᠬᠤ ᠬᠡᠷᠡᠭᠲᠡᠢ᠃ ᠡᠭᠦᠷ ᠵᠠᠰᠠᠵᠤ ᠭᠠᠷᠤᠳᠢ ᠶᠢ ᠲᠠᠲᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠬᠦᠷᠢᠶᠡᠯᠡᠩ ᠲᠣᠭᠤᠷᠢᠭ ᠤᠨ ᠵᠠᠮ ᠢ 1.7 ᠺᠢᠯᠣᠮᠧᠳ᠋ᠷ ᠪᠠᠶᠢᠭᠤᠯᠵᠤ᠂ ᠤᠰᠤᠨ ᠰᠤᠪᠠᠭ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠰ ᠤᠨ ᠬᠦᠷᠢᠶᠡᠯᠡᠩ ᠤᠨ 10 ᠺᠢᠯᠣᠸᠠᠲ ᠤᠨ ᠱᠤᠭᠤᠮ ᠢ ᠰᠢᠨ᠎ᠡ ᠪᠠᠷ ᠪᠠᠶᠢᠭᠤᠯᠬᠤ ᠵᠢᠴᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠤᠨ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ︔ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠹᠦ᠋ ᠰᠢ ᠠᠮᠤ ᠲᠣᠰᠣ ᠵᠡᠷᠭᠡ 5 ᠠᠵᠤ ᠠᠬᠤᠶᠢᠯᠠᠯ ᠤᠨ ᠴᠡᠴᠡᠷᠯᠢᠭ ᠲᠠᠬᠢ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯᠰᠡᠬᠦ᠂ ᠶᠠᠷᠢᠯᠴᠠᠬᠤ᠂ ᠭᠠᠷ ᠤᠨ ᠦᠰᠦᠭ ᠵᠢᠷᠤᠬᠤ᠂ ᠨᠠᠶᠢᠳᠠᠪᠤᠷᠢᠵᠢᠭᠤᠯᠬᠤ᠂ ᠦᠢᠯᠡᠳᠪᠦᠷᠢᠯᠡᠬᠦ ᠵᠡᠷᠭᠡ ᠡᠯ᠎ᠡ ᠭᠤᠭᠴᠤᠭ᠎ᠠ ᠶᠢ ᠲᠤᠤᠱᠯᠠᠭᠤᠯᠵᠤ᠂ ᠰᠠᠶᠢᠨ ᠰᠠᠶᠢᠬᠠᠨ ᠦᠢᠯᠡᠰ ᠪᠣᠰᠬᠠᠬᠤ ᠠᠭᠤᠷ ᠠᠮᠢᠰᠬᠤᠯ ᠢ ᠪᠤᠢ ᠪᠣᠯᠭᠠᠵᠤ᠂ 1 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠣᠬᠤᠯᠠᠪᠤᠷᠢ ᠶᠢ ᠯᠠᠪᠳᠠᠭᠤᠨ ᠪᠣᠯᠭᠤᠮᠵᠢᠲᠠᠶ ᠨᠠᠷᠢᠯᠢᠭ ᠪᠣᠳᠠᠲᠠᠢ ᠪᠠᠷ ᠠᠬᠢᠭᠤᠯᠪᠠ᠃ ᠠᠵᠤ ᠦᠢᠯᠡᠰ ᠤᠨ ᠦᠷᠭᠦᠯᠵᠢᠯᠡᠨ ᠦᠷᠭᠦᠯᠵᠢᠯᠡᠬᠦ ᠶᠢ ᠠᠬᠢᠭᠤᠯᠵᠤ᠂ ᠹᠦ᠋ ᠰᠢ ᠠᠮᠤ ᠪᠤᠳᠠᠭ᠎ᠠ ᠲᠣᠰᠣ᠂ ᠬᠤᠸᠠ ᠵᠢᠶᠠᠩ ᠠᠮᠢᠳᠤ ᠪᠣᠳᠠᠰ᠂ ᠮᠧᠩ ᠲᠠᠢ ᠵᠢᠢ ᠲᠡᠵᠢᠭᠡᠯ ᠪᠣᠷᠳᠤᠭ᠎ᠠ ᠵᠡᠷᠭᠡ ᠰᠢᠷ᠎ᠠ ᠪᠤᠷᠴᠠᠭ ᠢ ᠨᠠᠷᠢᠯᠢᠭ ᠡᠳ᠋ᠰᠢᠭᠦᠯᠬᠦ᠂ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠲᠠᠷᠢᠶᠠᠯᠠᠩ ᠤᠨ ᠢᠳᠡᠰᠢᠨ ᠮᠥᠭᠦ ᠶᠢ ᠪᠣᠯᠪᠠᠰᠤᠷᠠᠭᠤᠯᠬᠤ ᠦᠢᠯᠡᠳᠪᠦᠷᠢ ᠶᠢᠨ ᠨᠠᠷᠢᠯᠢᠭ ᠡᠳ᠋ᠰᠢᠭᠦᠯᠵᠦ ᠦᠢᠯᠡᠳᠪᠦᠷᠢᠯᠡᠬᠦ ᠱᠤᠭᠤᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠷᠣ ᠡᠳ᠋ ᠤᠨ ᠠᠵᠤ ᠦᠢᠯᠡᠰ ᠤᠨ ᠰᠤᠳᠤᠯᠤᠨ ᠨᠡᠭᠡᠭᠡᠬᠦ ᠵᠢᠴᠢ ᠨᠠᠷᠢᠯᠢᠭ ᠡᠳ᠋ᠰᠢᠭᠦᠯᠬᠦ᠂ ᠱᠦᠢ ᠹᠧᠢ ᠵᠢᠢ ᠪᠣᠯᠪᠠᠰᠤᠷᠠᠭᠤᠯᠬᠤ ᠦᠢᠯᠡᠳᠪᠦᠷᠢ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ᠂ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠣᠨᠴᠠᠯᠢᠭᠲᠤ ᠠᠵᠤ ᠦᠢᠯᠡᠰ ᠤᠨ ᠪᠦᠯᠦᠭᠵᠢᠯ ᠤᠨ ᠦᠢᠯᠡᠳᠦᠯ ᠢ ᠪᠦᠷᠢᠯᠳᠦᠭᠦᠯᠵᠦ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠥᠷᠲᠡᠭ ᠢ 12 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ