ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠠᠷᠪᠠᠨ ᠬᠤᠶᠠᠷ︶
ᠨᠡᠶᠢᠲᠡᠯᠡᠭᠰᠡᠨ ᠴᠠᠭ᠄
2024/10/28
    ︵ᠭᠤᠷᠪᠠ︶ ᠦᠭᠡᠷᠡᠴᠢᠯᠡᠯᠳᠡ ᠪᠠᠷ ᠭᠤᠤᠯᠳᠠᠯᠭ᠎ᠠ ᠪᠤᠯᠭᠠᠵᠤ᠂ ᠰᠢᠨ᠎ᠡ ᠶᠢ ᠡᠭᠦᠳᠬᠦ ᠶᠢ ᠳᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠳᠠᠪᠠᠵᠤ ᠭᠠᠷᠴᠤ ᠭᠦᠢᠴᠡᠨ ᠳᠠᠪᠠᠵᠤ ᠭᠠᠷᠬᠤ ᠦᠨᠳᠦᠰᠦᠨ ᠬᠦᠳᠡᠯᠭᠡᠬᠦ ᠬᠦᠴᠦᠨ ᠢ ᠢᠳᠡᠪᠬᠢᠵᠢᠭᠦᠯᠦᠨ᠎ᠡ    ᠴᠢᠨᠠᠷ ᠰᠠᠶᠢᠲᠠᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠨ᠎ᠠ᠃ ᠠᠵᠢᠯ ᠪᠠᠶᠢᠪᠠᠯ ᠵᠠᠪᠠᠯ ᠭᠦᠢᠴᠡᠳᠭᠡᠬᠦ᠂ ᠤᠴᠢᠷ ᠦᠭᠡᠢ ᠪᠣᠯ ᠦᠢᠯᠡᠴᠢᠯᠡᠭᠡᠨ ᠤ ᠣᠨᠣᠯᠵᠢᠬᠤᠨ ᠢ ᠪᠠᠷᠢᠮᠲᠠᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠯᠢ ᠣᠯᠠᠨ ᠬᠤᠪᠢᠶᠠᠷᠢ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠵᠠᠯᠭᠠᠨ ᠠᠪᠴᠤ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠰᠢᠭᠤᠳ ᠲᠦᠷᠭᠡᠨ ᠡᠳ᠋ᠯᠡᠬᠦ ᠶᠢ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠮᠢᠶᠠᠷᠤᠯᠲᠠ ᠦᠶ᠋ᠯᠡᠴᠢᠯᠡᠭᠡ ᠶᠢᠨ ᠬᠤᠷᠠᠮᠠᠯ ᠥᠭᠡᠷᠡᠴᠢᠯᠡᠯᠲᠡ ᠪᠠ ︽ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠥᠷᠨᠢᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠵᠦ᠂ ︽ᠢᠨᠲ᠋ᠤᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡ︾ ᠶᠢᠨ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶ᠋ᠴᠡᠳᠬᠡᠬᠦ᠂ ᠰᠦᠯᠵᠢᠶᠡᠨ ᠭᠠᠳᠠᠨᠠᠬᠢ ᠦᠶ᠋ᠯᠡᠴᠢᠯᠡᠭᠡ ᠶᠢ ᠪᠥᠬᠦ ᠲᠠᠯ᠎ᠠ ᠪᠠᠷ ᠠᠭᠤᠰᠤᠯᠴᠠᠭᠤᠯᠬᠤ ᠶᠢ ᠠᠬᠢᠭᠤᠯᠤᠨ᠂ ᠥᠨᠳᠥᠷ ᠳᠠᠪᠲᠠᠮᠵᠢᠲᠤ ᠵᠦᠶ᠋ᠯᠡᠰ ᠢ ᠨᠢᠭᠡ ᠯᠡ ᠤᠳᠠᠭ᠎ᠠ ᠳᠤ ᠭᠦᠶ᠋ᠴᠡᠳᠬᠡᠬᠦ︾ ᠶᠢ 100% ᠳᠤ ᠬᠦᠷᠦᠭᠦᠯᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠢ ︽ᠭᠠᠵᠠᠷ ᠠᠪᠤᠮᠠᠭᠴᠠ ᠳᠠᠷᠤᠶ ᠡᠬᠢᠯᠡᠭᠦᠯᠬᠦ︾ ᠶᠢ ᠦᠨᠡᠨ ᠬᠦ ᠪᠠᠲᠤᠯᠠᠪᠠ᠃ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ︽ᠨᠢᠭᠡ ᠤᠳᠠᠭ᠎ᠠ ᠶᠡᠷᠦᠩᠬᠡᠶᠢᠯᠡᠨ ᠪᠠᠶᠢᠴᠠᠭᠠᠬᠤ︾ ᠬᠠᠮᠲᠤᠷᠠᠨ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠦᠨ᠂ ︽ᠠᠩᠬ᠎ᠠ ᠤᠳᠠᠭ᠎ᠠ ᠵᠥᠷᠢᠴᠡᠪᠡᠯ ᠥᠯᠥ ᠲᠣᠷᠭᠠᠬᠤ︾ ᠵᠡᠷᠭᠡ ᠤᠶᠠᠨ ᠬᠠᠳᠠᠨ ᠴᠢᠨᠠᠷᠲᠠᠶ ᠬᠠᠤᠯᠢ ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠵᠤ᠂ ᠵᠠᠰᠠᠭ ᠠᠵᠤ ᠠᠬᠤᠶᠢᠯᠠᠯ ᠰᠡᠳᠬᠢᠯ ᠨᠢᠭᠡᠳᠦᠨ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠬᠥᠮᠦᠨ ᠤ ᠰᠣᠶᠣᠯ ᠤᠨ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃    ᠡᠯ᠎ᠡ ᠬᠦᠷᠢᠶᠡᠨ ᠳᠠᠬᠢ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠵᠦ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠣᠯᠭᠤᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢ ᠲᠣᠭᠲᠠᠭᠤᠨ ᠢᠶᠠᠷ 10% ᠪᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠣᠨᠴᠠ ᠭᠠᠷᠤᠯᠲᠠ ᠶᠢᠨ ᠰᠤᠳᠤᠯᠭᠠᠨ ᠤ ᠭᠠᠵᠠᠷ ᠤᠨ ᠰᠢᠨ᠎ᠡ ᠶᠢ ᠡᠭᠦᠳᠬᠦ ᠰᠤᠳᠤᠯᠭᠠᠨ ᠤ ᠲᠥᠪ᠂ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠰᠤᠳᠤᠯᠭᠠᠨ ᠤ ᠬᠦᠷᠢᠶᠡᠯᠡᠩ ᠵᠡᠷᠭᠡ 6 ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠪᠣᠳᠠᠲᠠᠶ ᠬᠡᠷᠡᠭᠯᠡᠭᠡᠨ ᠤ ᠰᠢᠯᠭᠠᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠴᠢᠳᠠᠪᠤᠷᠢ ᠶᠢᠨ ᠲᠠᠰ ᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ︽ᠨᠢᠭᠡ ᠭᠤᠤᠯ ᠭᠤᠷᠪᠠᠨ ᠣᠨ︾ ᠤ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠲᠤ ᠲᠦᠰᠢᠭᠯᠡᠨ᠂ ᠬᠢᠲᠠᠳ ᠡᠪᠡᠰᠦᠨ ᠡᠮ᠂ ᠰᠢᠷ᠎ᠠ ᠪᠤᠷᠴᠠᠭ ᠤᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠲᠤᠷᠰᠢᠯᠲᠠ ᠶᠢᠨ ᠲᠠᠰᠤᠭ ᠢ ᠵᠣᠬᠢᠶᠠᠨ ᠪᠠᠶᠢᠭᠤᠯᠵᠤ᠂ ᠵᠢᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 3᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠪᠠ ᠰᠢᠨ᠎ᠡ ᠶᠢ ᠡᠭᠦᠳᠬᠦ ᠬᠡᠯᠪᠡᠷᠢ ᠶᠢᠨ 11 ᠳᠤᠮᠳᠠ ᠪᠠᠭ᠎ᠠ ᠠᠵᠤ ᠠᠬᠤᠶᠢᠯᠠᠯ ᠢ ᠴᠢᠷᠮᠠᠶᠢᠨ ᠪᠤᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃    ᠭᠦᠨ ᠳᠡᠰ ᠳᠠᠪᠬᠤᠷᠭ᠎ᠠ ᠶᠢᠨ ᠥᠭᠡᠷᠡᠴᠢᠯᠡᠯᠲᠡᠡ ᠶᠢᠨ ᠪᠠᠶᠢᠷᠢᠰᠢᠯ ᠢ ᠪᠠᠶᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠬᠤᠳᠠᠯᠳᠤᠭᠠᠨ ᠤ ᠶᠠᠪᠤᠳᠠᠯ ᠤᠨ ᠲᠦᠷᠢᠮ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠡᠮᠬᠢ ᠵᠢᠷᠤᠮ ᠲᠠᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠡᠶᠢᠯᠡᠭᠦᠯᠬᠦ ᠥᠭᠡᠷᠡᠴᠢᠯᠡᠯᠲᠡ ᠶᠢ ᠭᠤᠣᠯᠳᠠᠯᠭ᠎ᠠ ᠲᠠᠢ ᠠᠬᠢᠭᠤᠯᠵᠤ᠂ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠭᠦᠨᠵᠡᠭᠡᠢ ᠠᠭᠤᠰᠤᠯᠴᠠᠯ ᠢ ᠪᠡᠶᠡᠯᠡᠭᠦᠯᠦᠨ᠎ᠡ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠠᠷᠴᠢᠮ ᠶᠣᠰᠣᠭᠠᠷ᠂ ᠬᠠᠤᠯᠢ ᠬᠡᠷᠡᠭᠵᠢᠭᠦᠯᠬᠦ ᠬᠦᠴᠦᠨ ᠢ ᠵᠦᠶ ᠵᠣᠬᠢᠰᠲᠠᠶ ᠲᠣᠬᠢᠷᠠᠭᠤᠯᠤᠨ᠎ᠠ︔ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠰᠠᠬᠤ ᠬᠢᠷᠢ ᠬᠡᠮᠵᠢᠶ᠎ᠡ ᠪᠣᠯᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠲᠤ ᠬᠠᠨᠳᠤᠭᠤᠯᠬᠤ᠂ ᠪᠡᠶ᠎ᠡ ᠪᠠᠨ ᠳᠠᠭᠠᠭᠠᠵᠤ ᠠᠰᠢᠭ ᠣᠯᠵᠠᠪᠤᠷᠢ ᠣᠯᠬᠤ ᠶᠢ ᠪᠡᠶᠡᠯᠡᠭᠦᠯᠦᠨ᠎ᠡ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ