ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠠᠷᠪᠠᠨ ᠵᠢᠷᠭᠤᠭ᠎ᠠ︶
ᠨᠡᠶᠢᠲᠡᠯᠡᠭᠰᠡᠨ ᠴᠠᠭ᠄
2024/10/28
    ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠨᠠᠷᠢᠯᠢᠭ ᠪᠣᠳᠠᠲᠠᠢ ᠬᠢᠬᠦ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠶᠢ ᠴᠢᠩᠳᠠᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠡᠭᠴᠡᠯᠡᠨ ᠵᠠᠰᠠᠵᠤ᠂ ᠢᠳᠡᠭᠳᠡᠭᠰᠡᠨ ᠰᠤᠪᠠᠭ ᠢ 270 ᠵᠤᠷᠪᠤᠰ ᠠᠴᠠ ᠳᠡᠭᠡᠭᠰᠢ ᠵᠠᠰᠠᠵᠤ᠂ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠠᠰᠢᠭᠯᠠᠵᠤ ᠪᠣᠯᠬᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠦᠷ᠎ᠡ ᠪᠦᠲᠦᠮᠵᠢ ᠪᠠᠷ ᠳᠣᠤᠷ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠬᠢ ᠪᠠᠶᠠᠯᠢᠭ ᠢ ᠦᠷᠭᠦᠯᠵᠢᠯᠡᠨ ᠭᠦᠨ ᠠᠭᠤᠳᠠᠯᠵᠤ᠂ ᠮᠤᠵᠢ ᠠᠯᠤᠰᠯᠠᠨ ᠨᠡᠮᠡᠵᠦ ᠬᠠᠰᠤᠬᠤ ᠶᠢ ᠬᠤᠯᠪᠣᠭᠳᠠᠭᠤᠯᠬᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠦᠨᠵᠡᠭᠡᠶ ᠲᠦᠯᠬᠢᠨ ᠠᠬᠢᠭᠤᠯᠵᠤ᠂ ᠭᠠᠵᠠᠷ ᠰᠢᠷᠣᠶ ᠶᠢᠨ ᠠᠷᠠᠯᠵᠢᠶᠠᠨ ᠤ ᠬᠡᠷᠡᠭᠯᠡᠭᠡ ᠶᠢ ᠰᠠᠶᠢᠲᠤᠷ ᠳᠤᠷᠠᠰᠬᠠᠬᠤ ᠬᠡᠷᠡᠭᠲᠡᠶ᠃ 5 ᠪᠠᠯᠭᠠᠰᠤ 8 ᠲᠣᠰᠬᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠴᠢᠳᠠᠪᠤᠷᠢ ᠶᠢ ᠲᠦᠷᠭᠡᠪᠴᠢᠯᠡᠨ ᠳᠡᠭᠡᠭᠰᠢᠯᠡᠭᠦᠯᠦᠨ᠎ᠡ᠃ ︽ᠵᠢᠷᠭᠤᠭᠠᠨ ᠲᠥᠷᠥᠯ ᠤᠨ ᠬᠥᠮᠦᠰ︾ ᠤᠨ ᠬᠠᠳᠠᠭᠠᠯᠠᠭᠳᠠᠵᠤ ᠪᠠᠶᠢᠭ᠎ᠠ 5 ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃ ᠵᠠᠰᠠᠭ ᠵᠠᠬᠢᠷᠭᠠᠨ ᠤ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠠᠷᠪᠠᠨ ᠲᠠᠪᠤᠨ ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾ ᠶᠢ ᠪᠠᠶᠢᠭᠤᠯᠵᠤ᠂ ᠣᠯᠠᠨ ᠲᠦᠮᠡᠨ ᠢ ᠨᠠᠩ ︽ᠡᠮᠴᠢ︾ ᠪᠣᠯᠭᠠᠨ᠎ᠠ᠃    ᠬᠥᠳᠡᠭᠡ ᠲᠣᠰᠬᠤᠨ ᠤ ᠵᠠᠰᠠᠯᠲᠠ ᠶᠢ ᠰᠠᠶᠢᠲᠤᠷ ᠬᠢᠵᠦ ᠰᠢᠯᠢᠳᠡᠭᠵᠢᠭᠦᠯᠦᠨ᠎ᠡ᠃ ︽ᠳᠥᠷᠪᠡ ᠶᠢ ᠵᠠᠰᠠᠬᠤ ᠶᠢ ᠬᠠᠮᠵᠢᠯᠴᠠᠭᠤᠯᠬᠤ︾ ᠶᠢ ᠯᠠᠪᠳᠠᠭᠤᠨ ᠢᠶᠠᠷ ᠠᠬᠢᠭᠤᠯᠵᠤ᠂ ᠨᠠᠷᠢᠨ ᠳᠠᠩᠰᠠ ᠶᠢᠨ ᠳᠦᠷᠢᠮ᠂ ᠬᠤᠪᠢ ᠬᠤᠷᠠᠮᠳᠤᠭᠤᠯᠬᠤ ᠳᠦᠷᠢᠮ ᠢ ᠤᠯᠠᠮ ᠨᠢᠭᠡ ᠠᠯᠬᠤᠮ ᠳᠡᠯᠭᠡᠷᠡᠭᠦᠯᠵᠦ᠂ ᠲᠣᠭᠠᠴᠢᠯᠠᠭᠰᠠᠨ ᠬᠥᠳᠡᠭᠡ ᠲᠣᠰᠬᠤᠨ ᠤ ᠬᠠᠮᠢᠶᠠᠷᠤᠯᠲᠠ ᠶᠢᠨ ᠲᠠᠪᠴᠠᠩ ᠢ ᠰᠠᠶᠢᠲᠤᠷ ᠬᠡᠷᠡᠭᠯᠡᠵᠦ᠂ ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠦᠵᠦᠭᠦᠷ ᠤᠨ ᠠᠵᠢᠯᠯᠠᠭᠠᠨ ᠪᠠ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ 210 ᠡᠷᠦᠬᠡ ᠶᠢᠨ ᠵᠣᠷᠯᠣᠩ ᠢ ᠥᠭᠡᠷᠡᠴᠢᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠠᠭᠤᠷᠢ ᠶᠢ ᠪᠠᠬᠢᠵᠢᠭᠦᠯᠦᠨ᠎ᠡ᠃ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠮ ᠪᠠ ᠵᠠᠩ ᠳᠠᠳᠬᠠᠯ ᠢ ᠥᠭᠡᠷᠡᠴᠢᠯᠡᠬᠦ ᠠᠴᠠ ᠭᠠᠷᠳᠠᠵᠤ᠂ ᠵᠠᠮ ᠤᠨ ᠵᠠᠬ᠎ᠠ᠂ ᠬᠡᠷᠡᠮ ᠤᠨ ᠪᠤᠯᠤᠩ᠂ ᠭᠤᠤ ᠰᠤᠪᠠᠭ ᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠣᠩᠭᠤᠷᠠᠭᠤᠯᠤᠭᠰᠠᠨ ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ ᠴᠡᠭᠴᠡᠯᠡᠨ ᠵᠠᠰᠠᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠬᠠᠮᠲᠤ ᠪᠠᠷ ᠡᠳ᠋ᠯᠡᠵᠦ ᠬᠠᠮᠲᠤ ᠪᠠᠷ ᠵᠠᠰᠠᠬᠤ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ᠃ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠶᠢ ᠯᠠᠪᠳᠠᠭᠤᠨ ᠪᠠᠲᠤᠲᠠᠢ ᠠᠬᠢᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠦᠵᠡᠯᠲᠡ ᠪᠠᠨ ᠬᠤᠪᠢᠷᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠯᠠᠭᠠᠨ ᠬᠠᠷ᠎ᠠ ᠰᠠᠮᠪᠠᠷ᠎ᠠ ᠶᠢ ᠠᠳᠠᠯᠢᠳᠬᠠᠨ ᠰᠢᠯᠭᠠᠷᠠᠭᠤᠯᠬᠤ ᠵᠡᠷᠭᠡ ᠲᠦᠷᠢᠮ ᠢ ᠲᠡᠭᠦᠯᠳᠡᠷᠵᠢᠭᠦᠯᠵᠦ᠂ ᠲᠣᠰᠬᠤᠨ ᠬᠢᠭᠡᠳ ᠲᠣᠰᠬᠤᠨ ᠤ ᠦᠷ᠎ᠡ ᠪᠦᠲᠦᠮᠵᠢ ᠶᠢ ᠠᠳᠠᠯᠢᠳᠬᠠᠬᠤ᠂ ᠡᠷᠦᠬᠡ ᠬᠢᠭᠡᠳ ᠡᠷᠦᠬᠡ ᠶᠢ ᠠᠳᠠᠯᠢᠳᠬᠠᠨ ᠠᠷᠢᠭᠤᠨ ᠴᠡᠪᠡᠷ ᠪᠠᠶᠢᠯᠭᠠᠬᠤ ᠥᠷᠢᠰᠥᠯᠳᠦᠭᠡᠨ ᠤ ᠤᠬᠠᠮᠰᠠᠷ᠂ ᠭᠡᠷ ᠣᠷᠣᠨ ᠤ ᠤᠬᠠᠮᠰᠠᠷ ᠢ ᠭᠦᠢᠴᠡᠳ ᠬᠥᠭᠵᠢᠭᠡᠵᠦ᠂ ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠰᠢᠶᠠᠩ ᠪᠠᠯᠭᠠᠰᠤ 3᠂ ᠵᠢᠱᠢᠶ᠎ᠡ ᠦᠵᠡᠭᠦᠯᠬᠦ ᠲᠣᠰᠬᠤᠨ 10 ᠶᠢ ᠴᠢᠷᠮᠠᠶᠢᠨ ᠡᠭᠦᠳᠴᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠬᠠᠮᠲᠤᠪᠠᠷ ᠪᠦᠳᠦᠭᠡᠨ ᠪᠠᠶᠢᠭᠤᠯᠤᠨ᠎ᠠ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ