ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠠᠷᠪᠠᠨ ᠳᠤᠯᠤᠭ᠎ᠠ︶
ᠨᠡᠶᠢᠲᠡᠯᠡᠭᠰᠡᠨ ᠴᠠᠭ᠄
2024/10/28
   ︵ᠵᠢᠷᠭᠤᠭ᠎ᠠ︶ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠬᠠᠮᠲᠤ ᠪᠠᠷ ᠴᠢᠨᠡᠭᠡᠯᠢᠭᠵᠢᠬᠦ ᠰᠠᠭᠤᠷᠢ ᠶᠢ ᠲᠠᠰᠤᠷᠠᠯᠲᠠ ᠦᠭᠡᠢ ᠵᠤᠵᠠᠭᠠᠳᠬᠠᠨ᠎ᠠ    ᠠᠷᠠᠳ ᠤᠨ ᠠᠮᠢᠳᠤᠷᠠᠯ ᠢ ᠨᠡᠩ ᠲᠠᠭᠠᠯᠠᠮᠵᠢᠲᠠᠢ ᠪᠣᠯᠭᠠᠨ᠎ᠠ᠃ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠵᠢᠶ ᠸᠧᠨ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠲᠥᠷᠥᠯ ᠵᠦᠶ᠋ᠯ ᠢ ᠪᠡᠶᠡᠯᠡᠭᠦᠯᠵᠦ᠂ ᠳ᠋ᠠ ᠶᠠᠩ ᠱᠤ᠋ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠤᠷᠢ ᠶᠢ ᠰᠢᠯᠵᠢᠭᠦᠯᠦᠨ ᠥᠷᠭᠡᠳᠬᠡᠨ ᠪᠠᠶᠢᠭᠤᠯᠬᠤ ᠲᠥᠷᠥᠯ ᠵᠦᠶ᠋ᠯ ᠢ ᠦᠷᠭᠦᠯᠵᠢᠯᠡᠨ ᠬᠡᠷᠡᠭᠵᠢᠭᠦᠯᠵᠦ᠂ ᠨᠤᠮᠢᠨ ᠦᠨᠳᠦᠰᠦᠲᠡᠨ ᠤ ᠲᠥᠪ ᠬᠡᠤᠬᠡᠳ ᠤᠨ ᠴᠡᠴᠡᠷᠯᠢᠭ ᠤᠨ ᠵᠢᠭᠠᠨ ᠰᠤᠷᠭᠠᠯᠲᠠ ᠶᠢᠨ ᠠᠰᠠᠷ ᠤᠨ ᠲᠥᠷᠥᠯ ᠵᠦᠶ᠋ᠯ ᠢ ᠰᠢᠨ᠎ᠡ ᠪᠠᠷ ᠪᠠᠶᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠬᠡᠷ ᠪᠦᠯᠢ ᠪᠠ ᠰᠤᠷᠭᠠᠭᠤᠯᠢ ᠶᠢᠨ ᠪᠠᠶᠢᠩᠭᠤᠵᠢᠭᠰᠠᠨ ᠨᠡᠪᠲᠡᠷᠡᠯᠴᠡᠬᠦ ᠲᠣᠭᠲᠠᠴᠠ ᠶᠢ ᠪᠦᠷᠢᠨᠰᠢᠬᠦᠯᠵᠦ᠂ ᠬᠤᠲᠠ ᠬᠥᠳᠡᠭᠡ ᠶᠢᠨ 30 ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠶᠢ ᠬᠡᠷᠡᠭᠵᠢᠭᠦᠯᠦᠨ᠂ ᠪᠠᠭᠰᠢ ᠪᠠ ᠰᠤᠷᠭᠠᠨ ᠬᠥᠮᠦᠵᠢᠯ ᠲᠠᠢ ᠬᠠᠮᠢᠶ᠎ᠠ ᠥᠬᠡᠶ ᠡᠭᠦᠷᠭᠡ ᠶᠢ ᠬᠥᠩᠭᠡᠷᠡᠭᠦᠯᠵᠦ᠂ ᠬᠡᠷ ᠤᠨ ᠠᠬᠠᠮᠠᠳ ᠤᠨ ︽ᠬᠢᠴᠢᠶᠡᠯ ᠰᠤᠷᠤᠯᠭ᠎ᠠ ᠶᠢᠨ ᠳᠠᠷᠤᠭᠠᠰᠤ︾ ᠶᠢ ᠪᠠᠭᠠᠰᠬᠠᠨ᠂ ᠵᠢᠭᠠᠨ ᠰᠤᠷᠭᠠᠯᠲᠠ ᠶᠢᠨ ᠬᠢᠷᠢ ᠪᠦᠲᠦᠮᠵᠢ ᠶᠢ ᠪᠥᠬᠦ ᠬᠤᠲᠠ ᠶᠢᠨ ᠨᠢᠭᠡᠳᠦᠭᠡᠷ ᠵᠢᠭᠰᠠᠭᠠᠯ ᠳᠤ ᠪᠠᠶᠢᠯᠭᠠᠨ᠎ᠠ᠃ ᠡᠮ ᠡᠮᠨᠡᠯᠭᠡ ᠶᠢᠨ ᠬᠠᠩᠭᠠᠯᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠮᠵᠢ ᠶᠢ ᠥᠷᠭᠡᠳᠬᠡᠬᠦ ᠦᠷᠭᠦᠯᠵᠢᠯᠡᠨ ᠪᠠᠶᠢᠭᠤᠯᠬᠤ ᠲᠥᠷᠥᠯ ᠵᠦᠶ᠋ᠯ ᠢ ᠪᠡᠶᠡᠯᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠵᠢᠴᠢ ᠺᠧ ᠢ ᠾᠧ ᠪᠠᠯᠭᠠᠰᠤ᠂ ᠦᠷᠦᠪᠴᠢ ᠪᠠᠯᠭᠠᠰᠤ᠂ ᠵᠢᠶ ᠸᠧᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠶ᠋ᠯ ᠢ ᠬᠡᠷᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠡᠮᠨᠡᠯᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ 20 ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠦᠨ᠂ ᠡᠮᠴᠢᠯᠡᠭᠡ ᠡᠷᠡᠭᠦᠯ ᠬᠠᠮᠠᠭᠠᠯᠠᠯ ᠤᠨ ᠨᠢᠭᠡᠴᠡ ᠶᠢᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠵᠡᠷᠭᠡ ᠲᠠᠰ ᠤᠨ ᠡᠮᠨᠡᠯᠭᠡ ᠶᠢᠨ ᠬᠤᠷᠢᠶ᠎ᠠ ᠶᠢᠨ ᠬᠢᠨᠠᠨ ᠲᠣᠭᠲᠠᠭᠠᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ ︽ᠡᠭᠦᠯᠡᠨ ᠬᠢᠴᠢᠶᠡᠯ ᠤᠨ ᠲᠠᠩᠬᠢᠮ︾᠂ ︽ᠠᠭᠠᠷ ᠤᠨ ᠣᠨᠣᠰᠢᠯᠠᠨ ᠡᠮᠨᠡᠬᠦ︾ ᠶᠢ ᠳᠡᠯᠭᠡᠷᠡᠭᠦᠯᠦᠨ ᠬᠡᠷᠡᠭᠯᠡᠬᠦ ᠶᠢ ᠦᠨᠡᠨ ᠪᠣᠳᠠᠲᠠᠶ ᠪᠠᠷ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ ᠰᠤᠷᠭᠠᠨ ᠬᠥᠮᠦᠵᠢᠯ᠂ ᠡᠮᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠬᠤᠷᠢᠨᠭᠡᠷ᠂ ᠳ᠋ᠠᠲ᠋ᠦ᠋ᠩ᠂ ᠯᠦᠸᠧᠶᠠᠩ ᠯᠤᠭ᠎ᠠ ᠶᠢᠨ ᠬᠠᠷᠢᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠂ ᠰᠢᠶᠠᠨᠪᠢ ᠶᠢᠨ ᠡᠪᠦᠭᠡ ᠳᠡᠭᠡᠳᠦᠰ ᠤᠨ ᠰᠤᠳᠤᠯᠤᠨ ᠶᠠᠷᠢᠯᠴᠠᠬᠤ ᠬᠤᠷᠠᠯ ᠢ ᠢᠳᠡᠪᠬᠢᠲᠡᠢ ᠪᠠᠷ ᠡᠷᠬᠢᠯᠡᠵᠦ᠂ ᠡᠮᠦᠨᠡᠰᠢ ᠨᠡᠭᠦᠭᠰᠡᠨ ᠲᠡᠤᠬᠡ ᠶᠢ ᠬᠠᠮᠲᠤ ᠪᠠᠷ ᠬᠦᠦᠷᠨᠢᠵᠦ ᠪᠠᠶᠢᠭᠠᠳ ᠰᠢᠶᠠᠨᠪᠢ ᠶᠢᠨ ᠲᠡᠦᠬᠡ ᠰᠣᠶᠣᠯ ᠢ ᠬᠠᠷᠢᠯᠴᠠᠨ ᠲᠤᠯᠢᠯᠠᠵᠤ ᠬᠠᠷᠢᠯᠴᠠᠨ ᠰᠤᠷᠤᠯᠴᠠᠵᠤ᠂ ᠪᠠᠳᠠᠷᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠣᠷᠴᠣᠨ ᠤ ᠤᠯᠠᠮᠵᠢᠯᠠᠯᠲᠤ ᠨᠤᠮᠤ ᠰᠤᠮᠤ ᠦᠢᠯᠡᠳᠬᠦ ᠤᠷ᠎ᠠ ᠮᠡᠷᠭᠡᠵᠢᠯ ᠢ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ ᠣᠷᠣᠭᠤᠯᠬᠤ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠬᠠᠮᠠᠭᠠᠯᠠᠯᠲᠠ ᠶᠢᠨ ᠳ᠋ᠠᠶᠢᠲ᠋ᠠ ᠬᠥᠮᠥᠷᠭᠡ ᠶᠢᠨ ᠰᠢᠰᠲ᠋ᠧᠮᠵᠢᠭᠦᠯᠬᠦ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠤᠷᠠᠨ ᠰᠠᠶᠢᠬᠠᠨ ᠤ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠪᠣᠯᠪᠠᠰᠤᠷᠠᠭᠤᠯᠤᠯ ᠵᠡᠷᠭᠡ ᠰᠣᠶᠣᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠴᠢᠷᠮᠠᠶᠢᠨ ᠪᠠᠶᠢᠭᠤᠯᠤᠨ᠎ᠠ᠃    ᠨᠡᠶᠢᠭᠡᠮ ᠤᠨ ᠪᠠᠲᠤᠯᠠᠭ᠎ᠠ ᠶᠢ ᠨᠡᠩ ᠢᠯᠡᠭᠦᠦ ᠳᠤᠯᠠᠭᠠᠴᠠᠭᠤᠯᠬᠤ ᠬᠡᠷᠡᠭᠲᠡᠢ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠦᠨᠡᠨ ᠬᠦ ᠴᠢᠩᠭᠠᠷᠠᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠲᠦᠷ ᠤᠷᠢᠭᠰᠠᠨ ᠬᠥᠮᠦᠰ ᠢ ᠤᠯᠠᠮ ᠨᠢᠭᠡ ᠠᠯᠬᠤᠮ ᠪᠠᠭᠠᠰᠬᠠᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠮᠬᠢ ᠵᠢᠷᠤᠮ ᠲᠠᠢ ᠨᠡᠮᠡᠭᠳᠡᠬᠦ ᠶᠢ ᠪᠠᠲᠤᠯᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠬᠤᠳᠠ ᠪᠠᠯᠭᠠᠰᠤᠨ ᠤ 140 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 2800 ᠬᠥᠮᠦᠨ ᠳᠤ ᠠᠵᠢᠯ ᠣᠯᠭᠤᠬᠤ ᠶᠢ ᠪᠡᠶᠡᠯᠡᠭᠦᠯᠪᠡ᠃ ᠡᠮᠴᠢᠯᠡᠭᠡᠨ ᠤ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠬᠦᠨᠳᠦ ᠡᠪᠡᠳᠴᠢᠨ ᠢ ᠠᠪᠤᠷᠠᠨ ᠲᠤᠰᠠᠯᠠᠬᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠠᠰᠠᠷᠠᠨ ᠰᠤᠪᠢᠯᠠᠬᠤ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠲᠠᠷᠬᠠᠭᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠬᠤ ᠶᠢ ᠰᠡᠷᠭᠡᠶᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠣᠷᠣᠰᠢᠭᠤᠯᠭ᠎ᠠ ᠶᠢᠨ ᠭᠠᠵᠠᠷ ᠤᠨ ᠲᠥᠷᠥᠯ ᠵᠦᠶ᠋ᠯ᠂ ᠠ ᠯᠢ ᠾᠧ ᠪᠠᠯᠭᠠᠰᠤᠨ ᠤ ᠨᠡᠶᠢᠲᠡ ᠶᠢᠨ ᠣᠩᠭᠤᠨ ᠤ ᠲᠥᠷᠥᠯ ᠵᠦᠶ᠋ᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠣᠷᠣᠰᠢᠭᠤᠯᠭ᠎ᠠ ᠶᠢᠨ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠤᠨ᠎ᠠ᠃ ᠨᠡᠶᠢᠭᠡᠮ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠵᠤ᠂ ᠰᠡᠷᠭᠡᠶᠢᠯᠡᠬᠦ ᠪᠠᠷ ᠭᠤᠣᠯᠳᠠᠯᠭ᠎ᠠ ᠪᠣᠯᠭᠠᠭᠰᠠᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠰᠢᠰᠲ᠋ᠧᠮ ᠢ ᠪᠦᠷᠢᠨᠰᠢᠬᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠱᠠᠯᠢᠭ ᠵᠠᠪᠬᠠᠶ ᠵᠦᠢᠯ ᠵᠣᠭᠤᠰ ᠮᠥᠷᠦ᠋ᠢᠴᠡᠬᠦ ᠬᠤᠤᠷᠲᠤ ᠡᠳ᠋ ᠲᠤ ᠴᠣᠬᠢᠯᠲᠠ ᠥᠭᠬᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ᠂ ᠪᠥᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠨ᠎ᠠ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ