ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠠᠷᠪᠠᠨ ᠶᠢᠰᠦ︶
ᠨᠡᠶᠢᠲᠡᠯᠡᠭᠰᠡᠨ ᠴᠠᠭ᠄
2024/10/28
    ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠶᠢ ᠴᠢᠬᠤᠯᠠᠴᠢᠯᠠᠬᠤ ᠶᠢ ᠢᠯᠡᠳᠲᠡ ︽ᠪᠡᠯᠭᠡ ᠲᠡᠮᠳᠡᠭ︾ ᠪᠣᠯᠭᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ᠎ᠠ᠃ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠮᠠᠯᠠᠯᠲᠠ ᠶᠢ ᠡᠷᠡᠰ ᠪᠡᠶᠡᠯᠡᠭᠦᠯᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠪᠠᠷ ᠨᠡᠶᠢᠭᠡᠮ ᠤᠨ ᠦᠨᠡᠨᠴᠢ ᠢᠲᠡᠭᠡᠮᠵᠢ ᠶᠢ ᠳᠠᠶᠢᠴᠢᠯᠠᠨ᠎ᠠ᠃ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠡᠷᠬᠡ ᠶᠢ ᠢᠮᠠᠭᠲᠠ ᠢᠯᠡ ᠪᠠᠷ ᠬᠡᠷᠡᠭᠵᠢᠭᠦᠯᠦᠨ᠎ᠡ᠃    ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠯᠡ ᠲᠣᠳᠣ ︽ᠲᠡᠮᠳᠡᠭ︾ ᠪᠣᠯᠭᠠᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠨᠢᠭᠡᠳᠦᠭᠡᠷ ᠡᠭᠦᠷᠭᠡ ᠬᠠᠷᠢᠭᠤᠴᠠᠯᠭ᠎ᠠ ᠪᠣᠯᠭᠠᠵᠤ᠂ ᠭᠤᠣᠯᠳᠠᠯᠭ᠎ᠠ ᠲᠠᠢ ᠠᠵᠢᠯ ᠤᠨ ᠲᠦᠷᠦᠯ ᠵᠦᠢᠯᠴᠢᠯᠡᠬᠦ᠂ ᠲᠤᠰᠬᠠᠢ ᠠᠩᠭᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠪᠠᠶᠢᠷᠢᠯᠠᠭᠤᠯᠤᠯᠲᠠ ᠲᠠᠢ᠂ ᠰᠢᠮᠳᠠᠭᠤᠯᠤᠨ ᠪᠠᠶᠢᠴᠠᠭᠠᠯᠲᠠ ᠲᠠᠢ᠂ ᠬᠠᠷᠢᠭᠤ ᠲᠤᠰᠬᠠᠯ ᠲᠠᠢ︾ ᠠᠵᠢᠯ ᠤᠨ ᠪᠢᠲᠡᠭᠦᠦ ᠴᠠᠭᠠᠷᠢᠭ ᠢ ᠪᠠᠶᠢᠭᠤᠯᠤᠨ᠎ᠠ᠃ ᠬᠡᠪᠲᠡᠭᠡ ᠦᠵᠡᠯ ᠰᠠᠨᠠᠭ᠎ᠠ᠂ ᠵᠠᠯᠬᠠᠭᠤ ᠵᠠᠰᠠᠭ ᠤᠨ ᠠᠵᠢᠯᠯᠠᠭ᠎ᠠ ᠶᠢ ᠡᠷᠡᠰ ᠲᠠᠶᠠᠭᠳᠠᠵᠤ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠪᠠᠷᠢᠮᠲᠠᠯᠠᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠤᠰᠢᠭᠤ ᠱᠠᠯᠠᠮᠠᠭᠠᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠣᠷᠢᠭᠲᠠᠢ ᠪᠠᠷ ᠴᠢᠳᠠᠮᠠᠭᠠᠢ ᠪᠠᠷ ᠠᠵᠢᠯᠯᠠᠵᠤ᠂ ᠡᠯ᠎ᠡ ᠵᠦᠢᠯ ᠤᠨ ᠦᠢᠯᠡᠰ ᠤᠨ ᠡᠮᠦᠨ᠎ᠡ ᠡᠩᠨᠡᠭᠡᠨ ᠳᠤ ᠶᠠᠪᠤᠵᠤ᠂ ᠭᠤᠶᠢᠳᠠ ᠰᠠᠶᠢᠬᠠᠨ ᠬᠢᠬᠦ ᠶᠢ ᠬᠦᠴᠦᠯᠡᠨ ᠠᠬᠢᠭᠤᠯᠬᠤ ᠬᠡᠷᠡᠭᠲᠡᠢ᠃    ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠢ ᠰᠠᠬᠢᠬᠤ ᠶᠢ ᠦᠨᠳᠦᠰᠦᠨ ︽ᠪᠠᠷᠢᠮᠵᠢᠶ᠎ᠠ︾ ᠪᠣᠯᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠨ᠎ᠠ᠃ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠨ ᠬᠢᠵᠠᠭᠠᠷᠯᠠᠬᠤ ᠶᠢ ᠴᠢᠩᠭᠠᠳᠬᠠᠵᠤ᠂ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃    ᠲᠥᠯᠥᠭᠡᠯᠡᠭᠴᠢᠳ ᠡ︕ ᠵᠤᠷᠢᠭ ᠮᠤᠬᠤᠬᠤ ᠦᠭᠡᠢ ᠪᠤᠯ ᠪᠦᠲᠦᠭᠡᠬᠦ ᠦᠭᠡᠢ᠂ ᠠᠵᠢᠯ ᠬᠢᠬᠦ ᠳᠤ ᠬᠦᠴᠢᠷ ᠠᠴᠠ ᠵᠠᠶᠢᠯᠠᠬᠤ ᠦᠭᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠤ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠬᠥᠭᠵᠢᠯᠲᠡ ᠶᠢᠨ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠡᠷᠡᠯᠬᠡᠭᠯᠡᠨ ᠤᠷᠤᠭᠰᠢᠯᠠᠬᠤ ᠵᠣᠷᠢᠭ ᠢᠶᠠᠨ ᠬᠥᠭᠵᠢᠭᠡᠵᠦ᠂ ᠤᠷᠤᠭᠰᠢᠯᠠᠯᠲᠠ ᠶᠢᠨ ᠬᠦᠴᠦᠨ ᠢᠶᠠᠨ ᠨᠢᠭᠲᠠᠷᠠᠭᠤᠯᠵᠤ᠂ ᠣᠳᠣᠬᠢᠴᠢᠯᠠᠭᠰᠠᠨ ᠣᠷᠴᠣᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ