ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ ᠤᠨ ᠠᠯᠪᠠᠨ ᠭᠡᠷ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/10/29
 ᠡᠯ᠎ᠡ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠤᠨ ᠪᠦᠷᠢᠯᠳᠦᠬᠦᠨ ᠨᠢᠭᠡᠴᠡ᠄    ᠮᠠᠨ ᠤ ᠬᠤᠰᠢᠭᠤᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠤ ᠦᠢᠯᠡᠰ ᠤᠨ ᠰᠠᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ    ᠣᠳᠣᠬᠠᠨ ᠳᠤ ᠬᠠᠷᠪᠢᠨ ᠵᠡᠷᠭᠡ ᠭᠠᠵᠠᠷ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠤᠭᠠᠴᠠᠭᠰᠠᠳ ᠤᠨ ᠢᠷᠡᠯᠲᠡ ᠤᠯᠠᠨ ᠠᠴᠠ ᠢᠷᠡᠬᠦ ᠠᠵᠠ ᠲᠣᠬᠢᠶᠠᠯ ᠬᠠᠩᠭᠠᠵᠤ᠂ ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠡᠨᠡ ᠵᠢᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠢ ᠭᠦᠢᠴᠡᠳ ᠲᠠᠨᠢᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠬᠠᠮᠢᠶ᠎ᠠ ᠪᠥᠬᠦᠶ ᠭᠥᠯᠢᠶᠡᠨ ᠠᠪᠬᠤ ᠦᠢᠯᠡᠴᠢᠯᠡᠭᠡ ᠪᠠ ᠰᠠᠯᠭᠠᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠲᠣᠰ ᠭᠠᠵᠠᠷ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠤ ᠵᠣᠴᠢᠳ ᠢ ᠪᠠᠶᠢᠷᠢᠯᠠᠭᠤᠯᠤᠨ᠂ ᠡᠮᠬᠢ ᠵᠢᠷᠤᠮ ᠲᠠᠢ ᠠᠷᠭᠠᠴᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠮᠡᠳᠡᠭᠡ ᠵᠠᠩᠭᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠪᠠ ᠵᠠᠭᠠᠯᠳᠤᠯᠭ᠎ᠠ ᠶᠢᠨ ᠬᠡᠷᠡᠭ ᠡᠭᠦᠰᠪᠡᠯ᠂ ᠦᠳᠲᠡᠷ ᠲᠦᠷᠭᠡᠨ ᠲᠤᠰᠬᠠᠯ ᠭᠠᠷᠭᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠡᠷᠡᠰ ᠰᠢᠭᠤᠷᠬᠠᠢ ᠪᠠᠷ ᠰᠢᠢᠳᠪᠦᠷᠢᠯᠡᠬᠦ ᠶᠢᠨ ᠬᠠᠮᠲᠤ ᠲᠣᠭᠲᠠᠭᠰᠠᠨ ᠴᠠᠭ ᠤᠨ ᠬᠢᠵᠠᠭᠠᠷ ᠪᠠ ᠲᠡᠰ ᠳᠠᠷᠠᠭᠠᠯᠠᠯ ᠶᠣᠰᠣᠭᠠᠷ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ ᠣᠷᠭᠢᠯ ᠬᠡᠮᠵᠢᠭᠳᠡᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠪᠣᠳᠠᠲᠤ ᠰᠣᠷᠢᠯᠲᠠ ᠪᠠᠨ ᠴᠢᠩᠭᠠᠳᠬᠠᠵᠤ᠂ ᠵᠠᠮ ᠬᠠᠷᠢᠯᠴᠠᠭᠠᠨ ᠤ ᠲᠦᠭᠵᠢᠷᠡᠯ᠂ ᠲᠣᠨᠤᠭ ᠲᠥᠬᠦᠭᠡᠷᠦᠮᠵᠢ ᠶᠢᠨ ᠲᠡᠭᠡᠭᠡᠪᠦᠷᠢ ᠶᠢ ᠵᠣᠭᠰᠣᠭᠠᠬᠤ᠂ ᠭᠠᠮᠰᠢᠭ ᠲᠠᠢ ᠴᠠᠭ ᠠᠭᠤᠷ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃    ᠬᠤᠶᠠᠷ᠂ ᠢᠳᠡᠪᠬᠢᠲᠡᠶ ᠵᠣᠬᠢᠴᠠᠭᠤᠯᠤᠨ ᠬᠠᠮᠵᠢᠯᠴᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ    ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠴᠢᠳᠠᠪᠤᠷᠢ ᠪᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ︾ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ᠂ ᠠᠮᠤᠷ ᠲᠦᠪᠰᠢᠨ ᠤ ᠠᠵᠢᠯ ᠤᠨ ᠶᠡᠭᠡ ᠪᠠᠶᠢᠴᠠᠭᠠᠯᠲᠠ ᠶᠢ ᠦᠨᠡᠨᠬᠦ ᠥᠷᠨᠢᠭᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠵᠢᠭᠤᠯᠴᠢᠯᠠᠭᠴᠢᠳ ᠤᠨ ᠠᠰᠢᠭ ᠲᠤᠰᠠ ᠶᠢ ᠬᠤᠬᠢᠷᠠᠭᠤᠯᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃    ︵ᠨᠢᠭᠡ︶ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠵᠢᠭᠤᠯᠴᠢᠯᠠᠯ ᠤᠨ ᠵᠠᠮ ᠱᠤᠭᠤᠮ ᠤᠨ ᠤᠷᠢᠳᠴᠢᠯᠠᠭᠰᠠᠨ ᠮᠡᠳᠡᠭᠡ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠶᠠᠨ ᠵᠠᠮ ᠳᠤ ᠪᠠᠴᠢᠮ ᠪᠠᠶᠢᠳᠠᠯ ᠲᠤᠯᠭᠠᠷᠠᠬᠤ ᠪᠣᠯᠤᠯᠴᠠᠭ᠎ᠠ ᠲᠠᠢ ᠰᠢᠶ᠋ᠳᠪᠦᠷᠢᠯᠡᠬᠦ ᠲᠥᠰᠦᠯ ᠢ ᠮᠡᠳᠡᠭᠳᠡᠨ᠎ᠡ᠃ ︽ᠢᠨᠲ᠋ᠤᠷ ᠰᠦᠯᠵᠢᠶ᠎ᠡ︾ ᠶᠢ ᠠᠰᠢᠭᠯᠠᠨ ᠣᠷᠣᠨ ᠪᠦᠰᠡ ᠶᠢᠨ ᠳᠣᠲᠣᠷ᠎ᠠ ᠭᠠᠳᠠᠨᠠᠬᠢ ᠪᠥᠬᠦ ᠲᠠᠯ᠎ᠠ ᠪᠠᠷ ᠵᠣᠯᠭᠠᠯᠳᠤᠭᠰᠠᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠪᠠᠶᠢᠭᠤᠯᠵᠤ᠂ ᠵᠠᠮ ᠳᠤᠮᠳᠠ ᠪᠠᠨ ᠲᠡᠮᠳᠡᠭ ᠫᠠᠶᠢᠰᠠ ᠶᠢᠨ ᠵᠢᠯᠣᠭᠤᠳᠣᠯᠭ᠎ᠠ ᠶᠢ ᠰᠠᠶᠢᠲᠤᠷ ᠬᠢᠬᠦ ᠬᠡᠷᠡᠭᠲᠡᠶ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠣᠯᠤᠨ ᠠᠷᠠᠴᠢᠯᠠᠨ ᠬᠠᠮᠠᠭᠠᠯᠠᠬᠤ ᠠᠵᠢᠯ ᠢ ᠴᠢᠩᠭᠠᠳᠬᠠᠵᠤ᠂ ᠠᠶᠠᠨᠴᠢᠳ ᠲᠡᠷᠭᠡ ᠬᠥᠰᠬᠡ ᠲᠥᠪᠯᠡᠷᠡᠭᠰᠡᠨ ᠭᠠᠵᠠᠷ ᠣᠷᠣᠨ ᠪᠣᠯᠤᠨ ᠴᠠᠭ ᠬᠤᠭᠤᠴᠠᠭ᠎ᠠ᠂ ᠠᠳᠡᠯ ᠣᠯᠠᠨ ᠭᠠᠷᠳᠠᠭ ᠵᠠᠮ ᠤᠨ ᠬᠡᠰᠡᠭ ᠪᠣᠯᠤᠨ ᠠᠭᠤᠷ ᠠᠮᠢᠰᠬᠤᠯ ᠳᠤ ᠤᠴᠠᠷᠠᠬᠤ ᠦ᠊ ᠡᠶ᠎ᠡ ᠶᠢᠨ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠵᠢᠯᠣᠭᠤᠳᠤᠮᠵᠢ ᠶᠢ ᠲᠣᠪᠤᠶᠢᠮ᠎ᠠ ᠰᠠᠶᠢᠲᠤᠷ ᠠᠳᠬᠤᠵᠤ᠂ ᠵᠠᠮ ᠤᠨ ᠪᠠᠶᠢᠳᠠᠯ ᠪᠠᠷᠤᠭᠲᠠᠶ᠂ ᠠᠳᠡᠯ ᠣᠯᠠᠨ ᠭᠠᠷᠳᠠᠭ ᠭᠠᠵᠠᠷ ᠵᠡᠷᠭᠡ ᠠᠶᠤᠯ ᠲᠠᠢ ᠭᠠᠵᠠᠷ ᠣᠷᠣᠨ ᠳᠤ ᠠᠶᠤᠯ ᠦᠭᠡᠶ ᠶᠢᠨ ᠰᠡᠷᠡᠮᠵᠢᠯᠡᠯ ᠵᠢᠴᠢ ᠵᠣᠬᠢᠴᠠᠩᠭᠤᠶ ᠪᠦᠬᠦᠢ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠪᠠᠶᠢᠭᠤᠯᠵᠤ᠂ ᠬᠦᠨᠳᠦ ᠶᠡᠭᠡ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ ᠵᠠᠮ ᠤᠨ ᠶᠠᠪᠤᠳᠠᠯ ᠪᠣᠯᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠢᠴᠢ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠦᠨᠡᠨᠬᠦ ᠴᠢᠩᠭᠠᠳᠬᠠᠵᠤ᠂ ᠬᠠᠤᠯᠢ ᠪᠤᠰᠤ ᠠᠶᠠᠨᠴᠢᠳ ᠤᠨ ᠲᠡᠭᠡᠭᠡᠪᠦᠷᠢ ᠳᠤ ᠴᠣᠬᠢᠯᠲᠠ ᠥᠭᠬᠦ ᠡᠷᠴᠢᠮ ᠢᠶᠠᠨ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ᠃    ︵ᠬᠤᠶᠠᠷ︶ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠳ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠮᠤᠷ ᠲᠦᠪᠰᠢᠨ ᠪᠠ ᠦᠢᠯᠡᠴᠢᠯᠡᠭᠡᠨ ᠤ ᠪᠠᠲᠤᠯᠠᠭ᠎ᠠ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠵᠢᠭᠤᠯᠴᠢᠯᠠᠯ ᠤᠨ ᠯᠠᠪᠯᠠᠯᠭ᠎ᠠ ᠶᠢᠨ ᠦᠢᠯᠡᠴᠢᠯᠡᠭᠡᠨ ᠢ ᠰᠠᠶᠢᠲᠤᠷ ᠬᠢᠵᠦ᠂ ᠵᠢᠭᠤᠯᠴᠢᠯᠠᠯ ᠤᠨ ᠵᠠᠭᠠᠯᠳᠤᠯᠭ᠎ᠠ ᠶᠢ ᠰᠢᠶ᠋ᠳᠪᠦᠷᠢᠯᠡᠨ᠂ ᠦᠵᠡᠮᠵᠢ ᠶᠢᠨ ᠣᠷᠣᠨ᠂ ᠵᠢᠭᠤᠯᠴᠢᠯᠠᠯ ᠤᠨ ᠬᠤᠷᠢᠶ᠎ᠠ᠂ ᠣᠳᠣᠨ ᠲᠠᠰ ᠤᠨ ᠪᠠᠭᠤᠳᠠᠯ ᠵᠡᠷᠭᠡ ᠵᠢᠭᠤᠯᠴᠢᠯᠠᠯ ᠳᠤ ᠬᠤᠯᠪᠣᠭᠳᠠᠬᠤ ᠠᠵᠤ ᠠᠬᠤᠶᠢᠯᠠᠯ ᠤᠨ ᠪᠣᠯᠪᠠᠰᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠨ᠎ᠠ᠃ ᠦᠵᠡᠮᠵᠢ ᠶᠢᠨ ᠣᠷᠣᠨ ᠤ ᠵᠠᠮ᠂ ᠬᠦᠯᠢᠶᠡᠨ ᠵᠣᠴᠢᠯᠠᠬᠤ ᠪᠡᠯᠡᠳᠬᠡᠮᠵᠢ ᠵᠡᠷᠭᠡ ᠪᠠᠶᠢᠳᠠᠯ ᠢ ᠨᠡᠶᠢᠭᠡᠮ ᠳᠤ ᠮᠡᠳᠡᠭᠳᠡᠬᠦ ᠬᠡᠷᠡᠭᠲᠡᠶ᠃ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠤᠭᠤᠴᠠᠭᠠᠨ ᠳᠠᠬᠢ ᠮᠡᠳᠡᠭᠡ ᠵᠠᠩᠭᠢ ᠶᠢ ᠴᠤᠭᠯᠠᠭᠤᠯᠬᠤ ᠪᠠ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠨ᠎ᠡ᠃    ︵ᠭᠤᠷᠪᠠ︶ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠥᠬᠦ ᠬᠤᠰᠢᠭᠤᠨ ᠤ ᠬᠡᠪᠴᠢᠶᠡᠨ ᠳᠠᠬᠢ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠤᠭᠠᠴᠠᠭᠰᠠᠳ ᠤᠨ ᠪᠣᠳᠠᠲᠠᠶ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠤᠲᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠤᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠢᠭᠤᠯᠴᠢᠯᠠᠭᠰᠠᠳ ᠲᠤ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠳᠤ ᠦᠨ᠎ᠡ ᠲᠥᠯᠥᠪᠦᠷᠢ ᠥᠬᠡᠶ ᠪᠠᠷ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠲᠦᠷ ᠴᠠᠭ ᠤᠨ ᠲᠡᠷᠭᠡᠨ ᠵᠣᠭᠰᠣᠭᠠᠯ ᠢ ᠬᠠᠮᠲᠤ ᠪᠠᠷ ᠡᠳ᠋ᠯᠡᠬᠦ ᠠᠵᠢᠯ ᠢ ᠪᠥᠬᠦ ᠲᠠᠯ᠎ᠠ ᠪᠠᠷ ᠬᠠᠷᠢᠭᠤᠴᠠᠵᠤ᠂ ᠲᠡᠮᠳᠡᠭ ᠫᠠᠶᠢᠰᠠ ᠶᠢᠨ ᠵᠢᠯᠣᠭᠤᠳᠣᠯᠭ᠎ᠠ ᠶᠢ ᠰᠠᠶᠢᠲᠤᠷ ᠬᠢᠵᠦ᠂ ᠲᠡᠷᠭᠡ ᠵᠣᠭᠰᠣᠭᠠᠬᠤ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠭᠤᠤᠯ ᠴᠣᠭᠴᠠ ᠳᠤ ᠰᠠᠶᠢᠨ ᠰᠠᠶᠢᠬᠠᠨ ᠵᠢᠭᠤᠯᠴᠢᠯᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠲᠦᠷᠦᠭᠦᠯᠡᠵᠦ᠂ ᠠᠶᠤᠯ ᠦᠭᠡᠶ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠲᠥᠷᠥᠯ ᠤᠨ ᠵᠢᠭᠤᠯᠴᠢᠯᠠᠯ ᠢ ᠬᠦᠯᠢᠶᠡᠨ ᠠᠪᠬᠤ ᠨᠢᠭᠡᠴᠡ ᠪᠣᠯᠤᠨ ᠪᠡᠯᠡᠳᠬᠡᠮᠵᠢ ᠲᠥᠬᠦᠭᠡᠷᠦᠮᠵᠢ ᠶᠢᠨ ᠠᠶᠤᠯ ᠦᠭᠡᠶ ᠶᠢᠨ ᠪᠠᠶᠢᠴᠠᠭᠠᠯᠲᠠ ᠬᠢᠭᠡᠳ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠢᠯᠠᠩᠭᠤᠶ᠎ᠠ ᠪᠥᠬᠦ ᠬᠤᠰᠢᠭᠤᠨ ᠤ ᠵᠢᠭᠤᠯᠴᠢᠯᠠᠯ ᠤᠨ ᠦᠵᠡᠮᠵᠢ ᠶᠢᠨ ᠭᠠᠵᠠᠷ ᠵᠢᠴᠢ ᠡᠷᠬᠢᠨ ᠲᠣᠭᠤᠷᠢᠨ ᠤ ᠭᠠᠵᠠᠷ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠪᠡ᠃ ᠵᠣᠴᠢᠳ ᠤᠨ ᠪᠠᠭᠤᠳᠠᠯ᠂ ᠬᠤᠭᠤᠯᠠᠨ ᠭᠡᠷ᠂ ᠵᠤᠭ᠎ᠠ ᠴᠡᠩᠭᠡᠯ ᠤᠨ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠲᠡᠷᠭᠡᠨ ᠥᠷᠲᠡᠭᠡ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠬᠥᠮᠦᠨ ᠣᠯᠠᠨ ᠴᠤᠭᠯᠠᠷᠠᠳᠠᠭ ᠣᠷᠣᠨ ᠪᠦᠰᠡ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠭᠤᠤᠯᠳᠠᠯᠭ᠎ᠠ ᠲᠠᠢ ᠴᠢᠩᠭᠠᠳᠬᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠣᠬᠢᠴᠠᠩᠭᠤᠶ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠦᠨ᠎ᠡ᠃    ︵ᠳᠤᠯᠤᠭ᠎ᠠ︶ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠵᠢᠭᠤᠯᠴᠢᠯᠠᠯ ᠤᠨ ᠠᠵᠢᠯ ᠲᠥᠷᠥᠯ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠵᠡᠮᠵᠢ ᠶᠢᠨ ᠣᠷᠣᠨ᠂ ᠵᠣᠴᠢᠳ ᠤᠨ ᠪᠠᠭᠤᠳᠠᠯ᠂ ᠵᠤᠭ᠎ᠠ ᠴᠡᠩᠭᠡᠯ ᠤᠨ ᠭᠠᠵᠠᠷ ᠲᠤ ᠡᠯ᠎ᠡ ᠲᠥᠷᠥᠯ ᠤᠨ ᠬᠦᠨᠳᠦ ᠶᠡᠭᠡ ᠠᠮᠤᠷ ᠲᠦᠪᠰᠢᠨ ᠤ ᠬᠡᠷᠡᠭ᠂ ᠡᠷᠡᠭᠦᠦ ᠶᠢᠨ ᠬᠡᠷᠡᠭ ᠵᠢᠴᠢ ᠰᠦᠷᠳᠡᠭᠦᠯᠦᠯ ᠤᠨ ᠬᠦᠴᠦᠷᠬᠡᠭᠯᠡᠯ ᠤᠨ ᠬᠡᠷᠡᠭ ᠡᠭᠦᠰᠬᠦ ᠶᠢ ᠰᠡᠷᠭᠡᠶᠢᠯᠡᠨ ᠬᠤᠷᠢᠭᠯᠠᠬᠤ ᠶᠢᠨ ᠬᠠᠮᠲᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠤᠲᠠ ᠶᠢᠨ ᠠᠷᠠᠳ ᠤᠨ ᠬᠠᠤᠯᠢ ᠶᠢ ᠮᠡᠳᠡᠬᠦ᠂ ᠬᠠᠤᠯᠢ ᠶᠢ ᠰᠠᠬᠢᠬᠤ ᠤᠬᠠᠮᠰᠠᠷ ᠢ ᠳᠡᠭᠡᠭᠰᠢᠯᠡᠭᠦᠯᠦᠨ᠎ᠡ᠃ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠵᠠᠮ ᠱᠤᠭᠤᠮ ᠤᠨ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠬᠠᠤᠯᠢ ᠪᠤᠰᠤ ᠪᠠᠷ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠪᠠ ᠡᠵᠡᠩᠨᠡᠬᠦ ᠶᠢ ᠴᠢᠩᠭ᠎ᠠ ᠪᠠᠶᠢᠴᠠᠭᠠᠵᠤ᠂ ᠬᠦᠨᠳᠦ ᠶᠡᠭᠡ ᠵᠠᠮ ᠲᠡᠭᠡᠭᠡᠪᠦᠷᠢ ᠶᠢᠨ ᠠᠮᠤᠷ ᠲᠦᠪᠰᠢᠨ ᠤ ᠠᠳᠡᠯ ᠭᠠᠷᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃    ᠭᠤᠷᠪᠠ᠂ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ    ᠵᠤᠭᠠᠴᠠᠭᠰᠠᠳ ᠤᠨ ᠰᠡᠳᠬᠢᠯ ᠬᠠᠨᠤᠮᠵᠢᠲᠠᠢ ᠪᠠᠶᠢᠬᠤ ᠪᠠᠷ ᠭᠤᠣᠯ ᠪᠣᠯᠭᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠦᠨ᠎ᠡ ᠬᠠᠩᠰᠢ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠭᠠᠵᠠᠷ ᠲᠤ ᠰᠠᠭᠤᠵᠤ ᠪᠠᠶᠢᠭᠠᠳ ᠦᠨ᠎ᠡ ᠬᠠᠩᠰᠢ ᠥᠰᠬᠡᠬᠦ᠂ ᠡᠮᠬᠢ ᠵᠢᠷᠤᠮ ᠦᠭᠡᠢ ᠪᠠᠷ ᠥᠰᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠦᠢᠯᠡᠴᠢᠯᠡᠭᠡᠨ ᠤ ᠭᠠᠷᠴᠠᠭ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ ᠬᠠᠮᠢᠶᠠᠷᠤᠯᠲᠠ ᠦᠢᠯᠡᠴᠢᠯᠡᠭᠡᠨ ᠤ ᠠᠵᠢᠯᠲᠠᠨ ᠤ ᠪᠣᠯᠪᠠᠰᠤᠷᠠᠯ ᠢ ᠴᠢᠩᠭᠠᠳᠬᠠᠵᠤ᠂ ᠦᠨᠡᠨᠴᠢ ᠢᠲᠡᠭᠡᠮᠵᠢᠲᠡᠶ᠂ ᠪᠣᠯᠪᠠᠰᠤᠨ ᠬᠠᠯᠠᠭᠤᠮᠰᠤᠭ᠂ ᠬᠠᠯᠠᠭᠤᠨ ᠳᠤᠯᠠᠭᠠᠨ ᠰᠡᠳᠬᠢᠯ ᠢ ᠳᠤᠯᠠᠭᠠᠴᠠᠭᠤᠯᠬᠤ᠂ ᠴᠢᠨᠠᠷ ᠰᠠᠶᠢᠲᠠᠶ ᠦᠢᠯᠡᠴᠢᠯᠡᠬᠦ ᠶᠢ ᠪᠡᠶᠡᠯᠡᠭᠦᠯᠵᠦ᠂ ᠵᠤᠭᠠᠴᠠᠭᠰᠠᠳ ᠤᠨ ᠬᠥᠭᠵᠢᠨ ᠮᠠᠨᠳᠤᠵᠤ᠂ ᠬᠠᠨᠤᠮᠵᠢᠲᠠᠶ ᠪᠤᠴᠠᠵᠤ ᠢᠷᠡᠬᠦ ᠶᠢ ᠪᠠᠲᠤᠯᠠᠬᠤ ᠬᠡᠷᠡᠭᠲᠡᠶ᠃ ᠪᠦᠲᠦᠭᠡᠯᠴᠢ ᠰᠠᠨᠠᠭ᠎ᠠ ᠲᠠᠢ᠂ ᠣᠨᠴᠠᠯᠢᠭ ᠲᠠᠢ ᠬᠠᠷᠠᠭᠠᠯᠵᠠᠯ ᠤᠨ ᠠᠵᠢᠯᠯᠠᠭ᠎ᠠ᠂ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠲᠦᠷᠦᠯ ᠵᠦᠢᠯ᠂ ᠰᠢᠨ᠎ᠡ ᠣᠶᠢᠯᠠᠭᠠᠯᠲᠠ ᠶᠢ ᠪᠤᠢ ᠪᠣᠯᠭᠠᠵᠤ᠂ ᠵᠤᠭᠠᠴᠠᠭᠰᠠᠳ ᠤᠨ ᠰᠢᠨ᠎ᠡ ᠰᠡᠪᠡᠭᠦᠨ ᠲᠦᠷᠦᠭᠳᠡᠯ᠂ ᠣᠷᠣᠯᠴᠠᠬᠤ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ᠃ ᠣᠨᠴᠠᠯᠢᠭᠲᠤ ᠵᠢᠭᠤᠯᠴᠢᠯᠠᠯ ᠤᠨ ᠲᠠᠸᠠᠷ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠢᠳᠡᠪᠬᠢᠲᠡᠢ ᠭᠠᠷᠭᠠᠵᠤ᠂ ᠵᠤᠭᠠᠴᠠᠭᠰᠠᠳ ᠤᠨ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠵᠤ᠂ ᠵᠢᠭᠤᠯᠴᠢᠯᠠᠯ ᠤᠨ ᠬᠡᠷᠡᠭᠯᠡᠭᠡ ᠶᠢ ᠳᠠᠶᠢᠴᠢᠯᠠᠬᠤ ᠬᠡᠷᠡᠭᠲᠡᠢ᠃ ᠲᠠᠶᠢᠯᠪᠤᠷᠢᠯᠠᠭᠴᠢ᠂ ᠵᠠᠮᠴᠢᠯᠠᠭᠴᠢ ᠶᠢ ᠭᠦᠢᠴᠡᠳ ᠪᠡᠯᠡᠳᠬᠡᠵᠦ᠂ ᠲᠠᠶᠢᠯᠪᠤᠷᠢᠯᠠᠭᠴᠢ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠶᠠᠨᠴᠢᠳ ᠤᠨ ᠤᠷᠤᠰᠬᠠᠯ ᠤᠨ ᠬᠤᠭᠤᠴᠠᠭᠠᠨ ᠳᠠᠬᠢ ᠲᠠᠶᠢᠯᠤᠮᠵᠢ ᠬᠢᠬᠦ ᠦᠢᠯᠡᠴᠢᠯᠡᠭᠡ ᠶᠢ ᠳᠤᠲᠠᠭᠤ ᠲᠤᠷᠭᠤᠨ ᠪᠠᠶᠢᠯᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠤᠨ ᠠᠯᠪᠠᠨ ᠭᠡᠷ    2024 ᠣᠨ ᠤ 1 ᠰᠠᠷ᠎ᠠ ᠶᠢᠨ 9 ᠤ ᠡᠳᠦᠷ 
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ