2024 ᠣᠨ ᠳᠤ ᠤᠰᠤᠨ ᠳᠤ ᠵᠢᠪᠪᠦᠬᠦ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/10/29
    ᠡᠯ᠎ᠡ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠤᠰᠬᠤᠨ ᠪᠠᠯᠭᠠᠰᠤ᠄    ᠣᠳᠣᠬᠠᠨ ᠳᠤ ᠠᠭᠤᠷ ᠠᠮᠢᠰᠭᠤᠯ ᠥᠨᠳᠥᠷ ᠬᠠᠯᠠᠭᠤᠨ᠂ ᠬᠠᠯᠠᠭᠤᠨ᠂ ᠤᠰᠤᠨ ᠳᠤ ᠤᠨᠠᠭᠰᠠᠨ ᠬᠡᠷᠡᠭ ᠤᠨ ᠣᠯᠠᠨ ᠡᠭᠦᠰᠬᠦ ᠬᠤᠭᠤᠴᠠᠭ᠎ᠠ᠃ ᠡᠯ᠎ᠡ ᠦᠵᠡᠮᠵᠢ ᠶᠢᠨ ᠣᠷᠣᠨ ᠦᠵᠡᠮᠵᠢ ᠶᠢᠨ ᠴᠡᠭ ᠵᠡᠷᠭᠡ ᠵᠢᠭᠤᠯᠴᠢᠯᠠᠯ ᠤᠨ ᠰᠣᠶᠣᠯ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠡᠳᠦᠭᠡ ᠤᠰᠤᠨ ᠳᠤ ᠵᠢᠪᠬᠦ ᠶᠢ ᠰᠡᠷᠭᠡᠶᠢᠯᠡᠬᠦ ᠬᠠᠮᠢᠶ᠎ᠠ ᠪᠥᠬᠦᠶ ᠠᠵᠢᠯ ᠤᠨ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ    ᠡᠯ᠎ᠡ ᠦᠵᠡᠮᠵᠢ ᠶᠢᠨ ᠣᠷᠣᠨ ᠦᠵᠡᠮᠵᠢ ᠶᠢᠨ ᠴᠡᠭ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠶ ᠦᠶ᠋ᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠶ᠋ᠴᠡᠳᠬᠡᠵᠦ᠂ ᠠᠶᠤᠯᠭᠦᠶ ᠦᠶ᠋ᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠤᠰᠤᠨ ᠳᠤ ᠬᠤᠯᠪᠣᠭᠳᠠᠬᠤ ᠠᠮᠤᠷ ᠲᠦᠪᠰᠢᠨ ᠤ ᠳᠠᠯᠳᠠ ᠬᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠤᠰᠤᠨ ᠳᠤ ᠤᠨᠠᠭᠰᠠᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠥᠬᠦ ᠬᠤᠰᠢᠭᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ᠃    ᠬᠤᠶᠠᠷ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠬᠤ ᠬᠡᠷᠡᠭᠲᠡᠢ    ᠨᠢᠭᠡ ᠳᠤ᠂ ᠡᠯ᠎ᠡ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤ ᠂ ᠤᠰᠤᠨ ᠳᠤ ᠵᠢᠪᠬᠦ ᠶᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠲᠣᠭᠲᠠᠭᠠᠵᠤ᠂ ᠠᠮᠤᠷ ᠲᠦᠪᠰᠢᠨ ᠤ ᠳᠠᠯᠳᠠ ᠬᠡᠮ ᠢ ᠥᠪᠡᠰᠦᠪᠡᠨ ᠪᠠᠶᠢᠴᠠᠭᠠᠬᠤ ᠶᠢ ᠴᠢᠩᠭᠠᠳᠬᠠᠨ᠂ ᠠᠮᠤᠷ ᠲᠦᠪᠰᠢᠨ ᠤ ᠳᠠᠯᠳᠠ ᠬᠡᠮ ᠢ ᠣᠯᠵᠤ ᠮᠡᠳᠡᠪᠡᠯ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠨᠡᠭᠡᠭᠡᠨ ᠬᠡᠷᠡᠭᠯᠡᠬᠦ ᠶᠢ ᠦᠨᠡᠨ ᠬᠦ ᠪᠠᠲᠤᠯᠠᠬᠤ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠡᠷᠡᠰ ᠠᠷᠢᠯᠭᠠᠬᠤ ᠬᠡᠷᠡᠭᠲᠡᠶ᠃ ᠬᠤᠶᠠᠷ ᠲᠤ᠂ ᠡᠯ᠎ᠡ ᠦᠵᠡᠮᠵᠢ ᠶᠢᠨ ᠣᠷᠣᠨ ᠦᠵᠡᠮᠵᠢ ᠶᠢᠨ ᠴᠡᠭ ᠵᠡᠷᠭᠡ ᠤᠰᠤᠨ ᠳᠤ ᠬᠤᠯᠪᠣᠭᠳᠠᠬᠤ ᠣᠷᠣᠨ ᠪᠦᠰᠡ ᠳᠤ ᠤᠰᠤᠨ ᠤ ᠭᠦᠨ ᠲᠡᠮᠳᠡᠭ᠂ ᠠᠮᠤᠷ ᠲᠦᠪᠰᠢᠨ ᠤ ᠰᠠᠨᠠᠭᠤᠯᠤᠮᠵᠢ᠂ ᠪᠠᠴᠢᠮ ᠠᠪᠤᠷᠠᠨ ᠲᠤᠰᠠᠯᠠᠬᠤ ᠤᠲᠠᠰᠤ ᠵᠡᠷᠭᠡ ᠬᠠᠯᠠᠭᠤᠨ ᠳᠤᠯᠠᠭᠠᠨ ᠰᠠᠨᠠᠭᠤᠯᠤᠮᠵᠢ ᠶᠢᠨ ᠫᠠᠶᠢᠰᠠ ᠪᠤᠰᠬᠠᠪᠠ᠃ ᠠᠶᠤᠯᠲᠠᠶ ᠤᠰᠤᠨ ᠣᠷᠣᠨ ᠤ ᠦᠵᠡᠮᠵᠢ ᠶᠢᠨ ᠭᠠᠵᠠᠷ ᠲᠤ ᠤᠰᠤᠨ ᠳᠤ ᠣᠷᠣᠬᠤ ᠶᠢ ᠴᠠᠭᠠᠵᠠᠯᠠᠬᠤ ᠰᠡᠷᠡᠮᠵᠢ ᠶᠢᠨ ᠫᠠᠶᠢᠰᠠ ᠳᠣᠭᠢᠷᠠᠭᠤᠯᠵᠤ᠂ ᠵᠤᠭᠠᠴᠠᠭᠰᠠᠳ ᠤᠨ ᠳᠤᠷ᠎ᠠ ᠪᠠᠷ ᠢᠶᠠᠨ ᠤᠰᠤᠨ ᠳᠤ ᠣᠷᠣᠵᠤ ᠠᠮᠤᠷ ᠲᠦᠪᠰᠢᠨ ᠤ ᠳᠠᠯᠳᠠ ᠬᠡᠮ ᠡᠭᠦᠰᠬᠦ ᠶᠢ ᠰᠡᠷᠭᠡᠶᠢᠯᠡᠨ᠎ᠡ᠃ ᠭᠤᠷᠪᠠ ᠳᠤ᠂ ᠨᠠᠭᠤᠷ᠂ ᠬᠢᠮᠡᠯ ᠨᠠᠭᠤᠷ᠂ ᠭᠤᠣᠯ ᠮᠥᠷᠡᠨ ᠵᠡᠷᠭᠡ ᠤᠰᠤᠨ ᠣᠷᠣᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠢᠯᠠᠩᠭᠤᠶ᠎ᠠ ᠰᠥᠨᠢ᠂ ᠶᠡᠭᠡ ᠰᠠᠯᠬᠢᠨ ᠤ ᠴᠠᠭ ᠠᠭᠤᠷ᠂ ᠦᠶᠡᠷ ᠤᠨ ᠬᠤᠭᠤᠴᠠᠭ᠎ᠠ ᠵᠢᠴᠢ ᠠᠶᠤᠯ ᠲᠠᠢ ᠤᠰᠤᠨ ᠣᠷᠣᠨ ᠳᠤ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠣᠷᠣᠨ ᠪᠦᠰᠡ ᠶᠢᠨ ᠳᠣᠲᠣᠷᠠᠬᠢ ᠤᠰᠤᠨ ᠣᠷᠣᠨ ᠳᠤ ᠲᠣᠤᠷᠵᠢᠭᠤᠯᠤᠭᠰᠠᠨ ᠬᠠᠮᠢᠶᠠᠷᠤᠯᠲᠠ ᠬᠢᠵᠦ᠂ ᠲᠣᠭᠤᠷᠢᠨ ᠪᠠᠶᠢᠴᠠᠭᠠᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠠᠷᠠᠳ ᠤᠨ ᠠᠭᠠᠷ ᠤᠨ ᠰᠡᠷᠭᠡᠶᠢᠯᠡᠯᠲᠡ ᠲᠠᠢ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠦᠭᠦᠯᠵᠦ᠂ ᠠᠶᠤᠯ ᠲᠦᠭᠰᠢᠭᠦᠷᠢ ᠪᠣᠯᠤᠨ ᠳᠠᠯᠳᠠ ᠭᠡᠮ ᠢ ᠴᠠᠭ ᠲᠤᠬᠠᠶ ᠳᠤᠨᠢ ᠣᠯᠵᠤ ᠮᠡᠳᠡᠵᠦ᠂ ᠤᠰᠤᠨ ᠳᠤ ᠤᠨᠠᠭᠰᠠᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠳᠥᠷᠪᠡ ᠳᠤ ᠤᠰᠤᠨ ᠳᠤ ᠬᠤᠯᠪᠣᠭᠳᠠᠬᠤ ᠲᠥᠷᠥᠯ ᠵᠦᠢᠯ ᠳᠤ ᠭᠦᠢᠴᠡᠳ ᠲᠤᠭ᠎ᠠ ᠬᠡᠮᠵᠢᠶ᠎ᠡ ᠲᠣᠬᠢᠷᠠᠭᠤᠯᠬᠤ ᠮᠥᠷᠲᠡᠭᠡᠨ ᠪᠦᠷᠢᠨ ᠪᠦᠲᠦᠨ ᠬᠡᠷᠡᠭᠯᠡᠵᠦ ᠪᠣᠯᠬᠤ ᠠᠪᠤᠷᠠᠯᠲᠠ ᠶᠢᠨ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠵᠤ᠂ ᠬᠠᠷᠢᠴᠠᠯ ᠶᠣᠰᠣᠭᠠᠷ ᠱᠠᠭᠠᠷᠳᠠᠯᠭ᠎ᠠ ᠶᠣᠰᠣᠭᠠᠷ ᠬᠢᠷᠢ ᠬᠡᠮ ᠲᠠᠢ ᠠᠪᠤᠷᠠᠭᠴᠢ ᠶᠢ ᠲᠣᠬᠢᠷᠠᠭᠤᠯᠵᠤ᠂ ᠨᠥᠬᠦᠴᠡᠯ ᠳᠤ ᠨᠡᠶᠢᠴᠡᠬᠦ ᠥᠬᠡᠶ ᠬᠥᠮᠦᠰ ᠤᠨ ᠠᠶᠤᠯ ᠶᠡᠬᠡᠲᠡᠶ ᠤᠰᠤᠨ ᠳᠡᠭᠡᠷᠡᠬᠢ ᠠᠵᠢᠯᠯᠠᠭ᠎ᠠ ᠶᠢᠨ ᠲᠥᠷᠥᠯ ᠵᠦᠢᠯ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃    ᠭᠤᠷᠪᠠ᠂ ᠤᠬᠠᠭᠤᠯᠭ᠎ᠠ ᠪᠠᠨ ᠨᠡᠮᠡᠭᠳᠡᠭᠦᠯᠵᠦ᠂ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ    ᠤᠰᠤᠨ ᠳᠤ ᠵᠢᠪᠬᠦ ᠶᠢ ᠰᠡᠷᠭᠡᠶᠢᠯᠡᠬᠦ ᠠᠶᠤᠯ ᠦᠭᠡᠶ ᠶᠢᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠠᠶᠤᠯ ᠦᠭᠡᠶ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠬᠢᠨᠠᠮᠠᠭᠠᠶ ᠥᠷᠨᠢᠭᠦᠯᠬᠦ ᠬᠡᠷᠡᠭᠲᠡᠶ᠃ ᠤᠰᠤᠨ ᠤ ᠭᠦᠨ ᠲᠡᠮᠳᠡᠭ ᠫᠠᠶᠢᠰᠠ᠂ ᠤᠰᠤᠨ ᠳᠤ ᠵᠢᠪᠬᠦ ᠶᠢ ᠰᠡᠷᠭᠡᠶᠢᠯᠡᠬᠦ ᠰᠡᠷᠡᠮᠵᠢ ᠶᠢᠨ ᠫᠠᠶᠢᠰᠠ᠂ ᠤᠰᠤᠨ ᠤ ᠫᠠᠶᠢᠰᠠ᠂ ᠳᠣᠲᠣᠭᠠᠳᠤ ᠶᠢᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠡᠯᠧᠺᠳ᠋ᠷᠣᠨ ᠳᠡᠯᠭᠡᠴᠡ᠂ ᠭᠠᠷ ᠤᠲᠠᠰᠤᠨ ᠤ APP᠂ ᠴᠤᠤᠷᠢᠶ᠎ᠠ ᠵᠢᠴᠢ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠤᠬᠠᠭᠤᠯᠭ᠎ᠠ ᠶᠢᠨ ᠪᠤᠯᠤᠩ ᠵᠡᠷᠭᠡ ᠶᠢ ᠭᠦᠢᠴᠡᠳ ᠠᠰᠢᠭᠯᠠᠨ ᠣᠯᠠᠨ ᠤᠳᠠᠭᠠᠨ ᠤ ᠤᠬᠠᠭᠤᠯᠭ᠎ᠠ ᠥᠷᠨᠢᠭᠦᠯᠵᠦ᠂ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠵᠢᠴᠢ ᠢᠯᠡ ᠭᠠᠵᠠᠷ ᠲᠤ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠨᠠᠭᠠᠬᠤ ᠶᠢ ᠶᠡᠬᠡᠪᠡᠷ ᠤᠬᠠᠭᠤᠯᠪᠠ᠃    ᠡᠯ᠎ᠡ ᠦᠵᠡᠮᠵᠢ ᠶᠢᠨ ᠣᠷᠣᠨ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ᠂ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠰᠠᠶᠢᠲᠤᠷ ᠪᠡᠯᠡᠳᠬᠡᠵᠦ᠂ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ᠃ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠤᠰᠤᠨ ᠳᠤ ᠤᠨᠠᠭᠰᠠᠨ ᠠᠳᠡᠯ ᠭᠠᠷᠬᠤ ᠶᠢ ᠡᠷᠡᠰ ᠬᠤᠷᠢᠭᠯᠠᠵᠤ᠂ ᠵᠤᠭᠠᠴᠠᠭᠰᠠᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠤᠨ ᠠᠯᠪᠠᠨ ᠭᠡᠷ    2024 ᠣᠨ ᠤ 6 ᠰᠠᠷ᠎ᠠ ᠶᠢᠨ 7 ᠤ ᠡᠳᠦᠷ
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ