| ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠡᠯ᠎ᠡ ᠶᠠᠮᠤᠨ᠂ ᠵᠥᠪᠯᠡᠯ᠂ ᠠᠯᠪᠠᠨ ᠭᠡᠷ᠂ ᠲᠣᠪᠴᠢᠶ᠎ᠠ | ᠪᠣᠯᠤᠨ ᠡᠯ᠎ᠡ ᠠᠷᠠᠳ ᠤᠨ ᠪᠦᠯᠬᠦᠮ᠂ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠰᠢᠭᠤᠨ ᠳᠤ ᠰᠠᠭᠤᠭ᠎ᠠ | ᠬᠤᠯᠪᠣᠭᠳᠠᠯ ᠪᠦᠬᠦᠢ ᠨᠢᠭᠡᠴᠡ ᠳᠤ᠄ | ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠷᠪᠠᠨ ᠵᠢᠷᠭᠤᠳᠤᠭᠠᠷ | ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠵᠥᠪᠯᠡᠭᠦᠯᠦᠭᠡᠳ᠂ ᠡᠳᠦᠭᠡ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ | ᠡᠩ ᠤᠨ ᠨᠤᠭᠤ ᠭᠠᠵᠠᠷ ᠢ ᠬᠠᠮᠠᠭᠠᠯᠠᠬᠤ ᠪᠠ ᠠᠰᠢᠭᠯᠠᠬᠤ ᠲᠦᠷ ᠬᠡᠷᠡᠭᠵᠢᠭᠦᠯᠬᠦ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ | ᠬᠡᠷᠡᠭᠵᠢᠭᠦᠯᠲᠦᠭᠡᠶ᠃ | ᠡᠭᠦᠨ ᠤ ᠲᠤᠯᠠ ᠮᠡᠳᠡᠭᠳᠡᠪᠡ | 2024 ᠣᠨ ᠤ 4 ᠰᠠᠷ᠎ᠠ ᠶᠢᠨ 19 ᠤ ᠡᠳᠦᠷ | ᠲᠤᠰ ᠵᠦᠢᠯ ᠢ ᠢᠯᠡ ᠪᠠᠷ ᠨᠡᠶᠢᠲᠡᠯᠡᠨ᠎ᠡ | | | | | | ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠩ ᠤᠨ ᠨᠤᠭᠤ ᠭᠠᠵᠠᠷ ᠢ ᠬᠠᠮᠠᠭᠠᠯᠠᠬᠤ ᠪᠠ ᠠᠰᠢᠭᠯᠠᠬᠤ ᠲᠦᠷ ᠬᠡᠷᠡᠭᠵᠢᠭᠦᠯᠬᠦ ᠠᠷᠭ᠎ᠠ | ᠨᠢᠭᠡᠳᠦᠭᠡᠷ ᠵᠦᠢᠯ ᠡᠩ ᠤᠨ ᠨᠤᠭᠤ ᠭᠠᠵᠠᠷ ᠤᠨ ᠬᠠᠮᠠᠭᠠᠯᠠᠯᠲᠠ ᠶᠢ ᠪᠦᠲᠦᠮᠵᠢᠲᠡᠶ ᠴᠢᠩᠭᠠᠳᠬᠠᠵᠤ᠂ ᠨᠤᠭᠤ ᠭᠠᠵᠠᠷ ᠤᠨ ᠠᠮᠢ ᠠᠬᠤᠶ ᠶᠢᠨ ᠴᠢᠳᠠᠮᠵᠢ ᠪᠠ | ᠡᠭᠦᠷᠢᠳᠡ ᠦᠷᠭᠦᠯᠵᠢᠯᠡᠨ ᠠᠰᠢᠭᠯᠠᠬᠤ ᠶᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠤᠨ | ᠬᠠᠮᠠᠭᠠᠯᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ | ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠪᠣᠳᠠᠲᠠᠶ ᠲᠠᠢ ᠤᠶᠠᠯᠳᠤᠭᠤᠯᠵᠤ᠂ | ᠲᠣᠰ ᠲᠦᠷ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠤᠯᠤᠰ ᠠᠴᠠ ᠨᠤᠭᠤ ᠭᠠᠵᠠᠷ ᠲᠤ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠨᠤᠭᠤ ᠭᠠᠵᠠᠷ ᠢ ᠴᠢᠬᠤᠯᠠ ᠨᠤᠭᠤ ᠭᠠᠵᠠᠷ ᠪᠠ | ᠡᠩ ᠤᠨ ᠨᠤᠭᠤ ᠭᠠᠵᠠᠷ ᠭᠡᠵᠦ ᠬᠤᠪᠢᠶᠠᠨ᠎ᠠ᠃ ᠲᠣᠰ ᠲᠦᠷ ᠬᠡᠷᠡᠭᠵᠢᠭᠦᠯᠬᠦ ᠠᠷᠭ᠎ᠠ ᠨᠢ ᠵᠥᠪᠬᠡᠨ ᠬᠤᠰᠢᠭᠤᠨ ᠤ ᠬᠡᠪᠴᠢᠶᠡᠨ ᠳᠣᠲᠣᠷᠠᠬᠢ ᠡᠩ ᠤᠨ ᠨᠤᠭᠤ ᠭᠠᠵᠠᠷ ᠢ | ᠬᠠᠮᠠᠭᠠᠯᠠᠬᠤ ᠪᠠ ᠠᠰᠢᠭᠯᠠᠬᠤ ᠳᠤ ᠱᠠᠭᠠᠷᠳᠠᠯᠭ᠎ᠠ ᠭᠠᠷᠭᠠᠭᠰᠠᠨ ᠪᠥᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠢ | ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠣᠭᠲᠠᠭᠠᠯ︾ ᠳᠤ ᠲᠣᠭᠲᠠᠭᠠᠭᠰᠠᠨ ᠬᠦᠷᠢᠶ᠎ᠡ ᠬᠡᠪᠴᠢᠶ᠎ᠡ ᠪᠠᠷ | ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠭᠤᠷᠪᠠᠳᠣᠭᠠᠷ ᠵᠦᠢᠯ ᠪᠦᠳᠦᠭᠡᠨ ᠪᠠᠶᠢᠭᠤᠯᠥᠯᠳᠡ ᠶᠢᠨ ᠳᠥᠷᠦᠯ ᠵᠦᠢᠯ ᠤᠨ ᠭᠠᠵᠡᠷ ᠰᠣᠩᠭᠤᠬᠤ᠂ ᠵᠠᠮ ᠰᠣᠩᠭᠤᠬᠤ ᠳᠠᠭᠠᠨ ᠨᠤᠭᠤ ᠭᠠᠵᠡᠷ ᠠᠴᠠ ᠵᠠᠶᠢᠯᠡᠭᠤᠯᠵᠦ | ᠂ ᠵᠠᠶᠢᠯᠡᠭᠤᠯᠬᠤ ᠶᠢᠨ ᠠᠷᠭ᠎ᠠ ᠦᠭᠡᠢ ᠪᠤᠯ ᠡᠵᠡᠯᠡᠨ ᠭᠡᠷᠡᠭᠯᠡᠬᠦ ᠶᠢ ᠠᠯᠢ ᠴᠢᠳ᠋ᠬᠠᠥ ᠪᠠᠷ ᠪᠠᠭᠠᠰᠬᠠᠬᠤ ᠶᠢᠨ ᠬᠠᠮᠳᠣ᠂ ᠴᠢᠬᠤᠯᠡ ᠪᠦᠬᠦᠢ ᠠᠷᠭ᠎ᠠ ᠭᠡᠮᠵᠢᠶ᠎ᠠ ᠠᠪᠴᠥ | ᠪᠠᠶᠢᠭᠠᠳ ᠨᠤᠭᠤ ᠭᠠᠵᠡᠷ ᠤᠨ ᠠᠮᠢ ᠠᠬᠤᠢ ᠶᠢᠨ ᠴᠢᠳᠠᠮᠵᠢ ᠶᠢᠨ ᠠᠰᠢᠭ ᠦᠭᠡᠢ ᠨᠦᠯᠥᠭᠡ ᠶᠢ ᠬᠦᠩᠭᠡᠷᠡᠬᠦᠯᠵᠦ᠂ ᠠᠮᠢᠳᠣ ᠪᠤᠳᠡᠰ ᠤᠨ ᠣᠯᠡᠨ ᠶᠠᠩᠵᠣᠳᠦ ᠴᠢᠨᠡᠷ | ᠵᠡᠷᠭᠡ ᠣᠯᠡᠨ ᠵᠦᠢᠯ ᠤᠨ ᠠᠮᠢ ᠠᠬᠤᠢ ᠶᠢᠨ ᠴᠢᠳᠠᠮᠵᠢ ᠶᠢ ᠬᠠᠮᠠᠭᠠᠯᠬᠠᠥ ᠭᠡᠷᠡᠭᠳᠡᠢ᠃ | ᠠᠮᠢ ᠠᠬᠤᠢ ᠶᠢᠨ ᠬᠠᠮᠠᠭᠠᠯᠠᠯᠳᠡ ᠶᠢᠨ ᠣᠯᠠᠭᠠᠨ ᠱᠣᠭᠤᠮ ᠤᠨ ᠬᠠᠮᠢᠶᠡᠷᠦᠯᠳᠡ ᠵᠡᠷᠭᠡ ᠬᠤᠯᠪᠤᠠᠠᠳᠡᠯ ᠪᠦᠬᠦᠢ ᠲᠣᠠᠠᠳᠠᠭᠠᠯ ᠢ ᠴᠢᠩᠭ᠎ᠠ ᠭᠡᠷᠡᠭᠵᠢᠬᠦᠯᠵᠦ᠂ ᠠᠮᠢ | ᠠᠬᠤᠢ ᠶᠢ ᠳᠡᠷᠢᠬᠦᠨ ᠳᠤ ᠳᠡᠯᠪᠢᠬᠤ᠂ ᠪᠤᠬᠢᠷᠳᠦᠯ ᠦᠭᠡᠢ ᠪᠠᠷ ᠬᠦᠭᠵᠢᠬᠦᠯᠬᠦ ᠶᠢ ᠪᠡᠷᠢᠮᠳᠡᠯᠡᠨ᠂ ᠨᠤᠭᠤ ᠭᠠᠵᠡᠷ ᠤᠨ ᠠᠮᠢ ᠠᠬᠤᠢ ᠶᠢᠨ ᠴᠢᠳᠠᠮᠵᠢ ᠪᠠ ᠡᠬᠦᠷᠢᠳᠡ | ᠦᠷᠬᠦᠯᠵᠢᠯᠡᠨ ᠠᠰᠢᠠᠠᠯᠠᠬᠤ ᠶᠢ ᠪᠠᠳᠣᠯᠠᠵᠦ᠂ ᠠᠮᠢ ᠠᠬᠤᠢ ᠶᠢᠨ ᠦᠷ᠎ᠠ ᠠᠰᠢᠭ᠂ ᠨᠡᠶᠢᠭᠡᠮ ᠤᠨ ᠦᠷ᠎ᠠ ᠠᠰᠢᠭ᠂ ᠠᠵᠦ ᠠᠬᠤᠢ ᠶᠢᠨ ᠦᠷ᠎ᠠ ᠠᠰᠢᠭ ᠤᠨ ᠬᠠᠷᠢᠯᠴᠠᠨ | ᠨᠢᠭᠡᠳᠬᠦ ᠶᠢ ᠪᠠᠶᠠᠯᠠᠬᠦᠯᠬᠦ ᠭᠡᠷᠡᠭᠳᠡᠢ᠃ | ᠳᠥᠷᠪᠡᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠡᠩ ᠤᠨ ᠨᠤᠭᠤ ᠭᠠᠵᠠᠷ ᠢ ᠡᠵᠡᠯᠡᠭᠰᠡᠨ ᠪᠠᠶᠢᠪᠠᠯ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ᠶᠢᠨ ᠠᠷᠪᠠ ᠶᠢᠰᠦᠳᠦᠭᠡᠷ ᠵᠦᠢᠯ ᠤᠨ ᠭᠤᠷᠪᠠᠳᠤᠭᠠᠷ ᠵᠤᠷᠪᠤᠰ ᠶᠣᠰᠣᠭᠠᠷ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠭᠠᠵᠠᠷ ᠰᠣᠩᠭᠤᠬᠤ᠂ ᠱᠤᠭᠤᠮ ᠰᠣᠩᠭᠤᠬᠤ ᠶᠢ ᠬᠢᠨᠠᠨ ᠵᠥᠪᠰᠢᠶᠡᠷᠡᠬᠦ ᠪᠤᠶᠤ ᠬᠠᠷᠭᠤᠭᠤᠯᠬᠤ ᠦ᠊ | ᠡᠶ᠎ᠡ ᠳᠤ᠂ ᠡᠩ ᠤᠨ ᠨᠤᠭᠤ ᠭᠠᠵᠠᠷ ᠲᠤ ᠬᠤᠯᠪᠣᠭᠳᠠᠪᠠᠯ᠂ ᠬᠠᠮᠢᠶᠠᠷᠤᠯᠲᠠ ᠶᠢᠨ ᠡᠷᠬᠡ ᠮᠡᠳᠡᠯ ᠶᠣᠰᠣᠭᠠᠷ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠭᠰᠠᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ | ᠲᠠᠪᠤᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠡᠩ ᠤᠨ ᠨᠤᠭᠤ ᠭᠠᠵᠠᠷ ᠢ ᠦᠨᠡᠨᠬᠦ ᠲᠦᠷ ᠴᠠᠭ ᠡᠵᠡᠯᠡᠨ ᠬᠡᠷᠡᠭᠯᠡᠬᠦ ᠴᠢᠬᠤᠯᠠᠲᠠᠶ | ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ᠶᠢᠨ ᠬᠤᠷᠢᠳᠤᠭᠠᠷ ᠵᠦᠢᠯ ᠤᠨ ᠲᠣᠭᠲᠠᠭᠠᠯ | ᠶᠣᠰᠣᠭᠠᠷ ᠴᠢᠩᠭ᠎ᠠ ᠭᠦᠢᠴᠡᠳᠬᠡᠬᠦ ᠬᠡᠷᠡᠭᠲᠡᠶ᠃ ᠡᠩ ᠤᠨ ᠨᠤᠭᠤ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠨᠢ ᠡᠩ ᠤᠨ ᠪᠠᠶᠢᠳᠠᠯ ᠳᠤ ᠬᠤᠶᠠᠷ | ᠵᠢᠯ ᠠᠴᠠ ᠬᠡᠲᠦᠷᠡᠵᠦ ᠪᠣᠯᠬᠤ ᠦᠭᠡᠶ ᠪᠥᠭᠡᠳ ᠲᠦᠷ ᠴᠠᠭ ᠡᠵᠡᠯᠡᠨ ᠬᠡᠷᠡᠭᠯᠡᠭᠰᠡᠨ ᠨᠤᠭᠤ ᠭᠠᠵᠠᠷ ᠳᠡᠭᠡᠷ᠎ᠡ ᠥᠨᠢᠳᠡ ᠶᠢᠨ ᠴᠢᠨᠠᠷᠲᠠᠶ ᠪᠠᠷᠢᠯᠭ᠎ᠠ ᠪᠠᠷᠢᠵᠤ ᠪᠣᠯᠬᠤ ᠦᠭᠡᠶ | ︔ ᠨᠤᠭᠤ ᠭᠠᠵᠠᠷ ᠢ ᠲᠦᠷ ᠴᠠᠭ ᠡᠵᠡᠯᠡᠨ ᠬᠡᠷᠡᠭᠯᠡᠭᠰᠡᠨ ᠬᠤᠭᠤᠴᠠᠭ᠎ᠠ ᠨᠢ ᠳᠦᠭᠦᠷᠦᠭᠰᠡᠨ ᠤ ᠳᠠᠷᠠᠭᠠᠬᠢ ᠨᠢᠭᠡ ᠵᠢᠯ ᠤᠨ ᠳᠣᠲᠣᠷ᠎ᠠ᠂ ᠭᠠᠵᠠᠷ ᠬᠡᠷᠡᠭᠯᠡᠭᠰᠡᠨ ᠨᠢᠭᠡᠴᠡ | ᠪᠤᠶᠤ ᠬᠤᠪᠢ ᠬᠥᠮᠦᠨ ᠨᠢ ᠨᠤᠭᠤ ᠭᠠᠵᠠᠷ ᠤᠨ ᠲᠠᠯᠠᠪᠠᠶ ᠪᠠ ᠠᠮᠢ ᠠᠬᠤᠶ ᠶᠢᠨ ᠨᠥᠬᠦᠴᠡᠯ ᠢ ᠰᠡᠷᠭᠦᠭᠡᠬᠦ ᠬᠡᠷᠡᠭᠲᠡᠶ᠃ | ᠵᠢᠷᠭᠤᠳᠤᠭᠠᠷ ᠵᠦᠢᠯ ᠣᠶ ᠰᠢᠭᠤᠶ ᠡᠪᠡᠰᠦ ᠪᠡᠯᠴᠢᠭᠡᠷ ᠤᠨ ᠴᠢᠭᠢᠭᠯᠢᠭ ᠡᠵᠡᠩᠨᠡᠯᠲᠡ ᠶᠢᠨ ᠨᠢᠭᠡᠴᠡ ᠨᠦᠭᠦᠳ ᠡᠵᠡᠩᠨᠡᠵᠦ ᠪᠠᠶᠢᠭ᠎ᠠ ᠡᠩ ᠤᠨ ᠨᠤᠭᠤ ᠭᠠᠵᠠᠷ ᠤᠨ | ᠬᠡᠪᠴᠢᠶᠡᠨ ᠳᠣᠲᠣᠷ᠎ᠠ ᠣᠶ ᠰᠢᠭᠤᠶ ᠡᠪᠡᠰᠦ ᠴᠢᠭᠢᠭᠯᠢᠭ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠢᠨᠵᠧᠨᠧᠷᠢᠩ ᠤᠨ ᠪᠡᠯᠡᠳᠬᠡᠮᠵᠢ ᠶᠢ ᠪᠠᠶᠢᠭᠤᠯᠬᠤ ᠳᠤ ᠡᠩ ᠤᠨ | ᠨᠤᠭᠤ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠳᠤ ᠵᠢᠷᠤᠭᠯᠠᠭᠰᠠᠨ ︽ᠣᠶ ᠰᠢᠭᠤᠶ ᠶᠢᠨ ᠦᠢᠯᠡᠳᠪᠦᠷᠢᠯᠡᠯ ᠡᠵᠡᠩᠨᠡᠯᠲᠡ ᠳᠤ | ᠰᠢᠭᠤᠳ ᠦᠢᠯᠡᠴᠢᠯᠡᠬᠦ ᠢᠨᠵᠧᠨᠧᠷᠢᠩ ᠤᠨ ᠪᠡᠯᠡᠳᠬᠡᠮᠵᠢ︾ ᠪᠠ ︽ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠠᠯ ᠠᠵᠤ ᠠᠬᠤᠶ ᠶᠢᠨ ᠦᠢᠯᠡᠳᠪᠦᠷᠢᠯᠡᠯ ᠳᠤ | ᠰᠢᠭᠤᠳ ᠦᠢᠯᠡᠴᠢᠯᠡᠬᠦ ᠢᠨᠵᠧᠨᠧᠷᠢᠩ ᠤᠨ ᠪᠡᠯᠡᠳᠬᠡᠮᠵᠢ︾ ᠶᠢᠨ ᠬᠢᠵᠠᠭᠠᠷᠯᠠᠨ ᠲᠣᠭᠲᠠᠭᠠᠭᠰᠠᠨ ᠬᠡᠪᠴᠢᠶ᠎ᠡ ᠪᠠ ᠤᠯᠤᠰ ᠤᠨ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠲᠣᠭᠲᠠᠭᠠᠭᠰᠠᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠤᠰᠤᠨ | ᠠᠰᠢᠭᠯᠠᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠮᠠᠭᠠᠳᠯᠠᠨ | ᠲᠣᠭᠲᠠᠭᠠᠭᠰᠠᠨ ᠤ ᠳᠠᠷᠠᠭ᠎ᠠ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠭᠦᠢᠴᠡᠳᠬᠡᠨ᠎ᠡ᠃ | ᠳᠣᠯᠣᠳᠤᠭᠠᠷ ᠵᠦᠢᠯ ᠡᠩ ᠤᠨ ᠨᠤᠭᠤ ᠭᠠᠵᠠᠷ ᠢ ᠡᠵᠡᠯᠡᠨ ᠬᠡᠷᠡᠭᠯᠡᠭᠰᠡᠨ ᠵᠠᠷᠤᠳᠠᠯ ᠬᠤᠷᠢᠶᠠᠬᠤ ᠪᠠᠷᠢᠮᠵᠢᠶ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠪᠠᠷ ᠯᠠᠪᠯᠠᠯᠲᠠ | ᠪᠣᠯᠭᠠᠵᠤ ᠡᠩ ᠤᠨ ᠨᠤᠲᠤᠭ ᠪᠡᠯᠴᠢᠭᠡᠷ ᠢ ᠰᠡᠷᠭᠦᠭᠡᠬᠦ ᠵᠠᠷᠤᠳᠠᠯ ᠬᠤᠷᠢᠶᠠᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠬᠤᠷᠢᠶᠠᠨ᠎ᠠ᠃ | ᠨᠠᠢᠮᠠᠳᠤᠭᠠᠷ ᠵᠦᠢᠯ ᠬᠤᠰᠢᠭᠤᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠤᠨ ᠬᠠᠮᠢᠶᠠᠷᠤᠯᠲᠠ ᠶᠢᠨ ᠠᠷᠭ᠎ᠠ ᠶᠢ ᠦᠨᠳᠦᠰᠦᠯᠡᠨ᠂ ᠲᠥᠷᠥᠯ ᠵᠦᠢᠯ ᠤᠨ ᠭᠠᠵᠠᠷ ᠰᠢᠷᠣᠶ ᠬᠡᠷᠡᠭᠯᠡᠬᠦ ᠬᠦᠷᠢᠶ᠎ᠡ ᠬᠡᠪᠴᠢᠶ᠎ᠡ᠂ ᠪᠦᠲᠦᠭᠡᠨ | ᠪᠠᠶᠢᠭᠤᠯᠤᠯᠲᠠ ᠶᠢᠨ ᠠᠭᠤᠯᠭ᠎ᠠ ᠳᠤ ᠬᠤᠯᠪᠣᠭᠳᠠᠬᠤ ᠬᠦᠷᠢᠶ᠎ᠡ ᠴᠠᠷᠠᠭ᠎ᠠ ᠳᠤ ᠤᠷᠢᠳᠠᠪᠠᠷ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠵᠥᠪᠰᠢᠶᠡᠷᠡᠯ ᠢ ᠣᠯᠬᠤ ᠬᠡᠷᠡᠭᠲᠡᠶ᠃ ᠡᠭᠦᠨ ᠳᠤ ᠭᠤᠣᠯᠳᠠᠭᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠬᠦ ᠰᠠᠨᠠᠯ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ᠂ ᠠᠮᠢ ᠠᠬᠤᠢ ᠶᠢᠨ ᠤᠯᠠᠭᠠᠨ ᠱᠤᠭᠤᠮ᠂ ᠠᠮᠢ ᠠᠬᠤᠢ ᠶᠢᠨ ᠣᠷᠴᠢᠨ ᠲᠣᠭᠤᠷᠢᠨ᠂ ᠬᠥᠷᠥᠰᠥ ᠰᠢᠷᠣᠢ ᠶᠢᠨ | ᠬᠠᠮᠠᠭᠠᠯᠠᠯᠲᠠ ᠪᠠ ᠦᠶᠡᠷ ᠤᠰᠤᠲᠤᠯ ᠤᠨ ᠭᠠᠮᠰᠢᠭ ᠵᠡᠷᠭᠡ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠢ ᠪᠠᠭᠲᠠᠭᠠᠨ᠎ᠠ᠃ | ᠶᠢᠰᠦᠳᠣᠭᠡᠷ ᠵᠦᠢᠯ ᠪᠦᠳᠦᠭᠡᠨ ᠪᠠᠶᠢᠭᠤᠯᠥᠯᠳᠡ ᠶᠢᠨ ᠳᠦᠷᠦᠯ ᠵᠦᠢᠯ ᠨᠢ ᠬᠤᠰᠢᠭᠤ ᠰᠢᠶᠡᠨ ᠤ ᠱᠠᠳᠣᠨ ᠤ ᠵᠠᠰᠠᠭ ᠵᠠᠬᠢᠷᠭᠠᠨ ᠤ ᠣᠷᠣᠨ ᠠᠯᠥᠰᠯᠬᠠᠰᠠᠨ ᠪᠤᠶᠤ | ᠨᠤᠭᠤ ᠭᠠᠵᠡᠷ ᠤᠨ ᠬᠠᠷᠢᠶᠠᠯᠠᠭᠳᠠᠬᠤ ᠬᠦᠷᠢᠶ᠎ᠠ ᠭᠡᠪᠴᠢᠶ᠎ᠠ ᠳᠤ ᠬᠤᠯᠪᠤᠠᠠᠳ᠋ᠬᠠᠰᠠᠨ ᠪᠠᠶᠢᠪᠠᠯ᠂ ᠰᠠᠭᠤᠭ᠎ᠠ ᠭᠠᠵᠡᠷ ᠤᠨ ᠨᠤᠭᠤ ᠭᠠᠵᠡᠷ ᠤᠨ ᠭᠤᠤᠯᠴᠢᠯᠠᠨ ᠬᠠᠮᠢᠶᠡᠷᠬᠤ | ᠰᠠᠯᠠᠭ᠎ᠠ ᠮᠦᠴᠢᠷ ᠲᠤ ᠲᠣᠰ ᠲᠣᠰ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠨ᠎ᠠ᠃ ᠬᠤᠰᠢᠭᠤᠨ ᠤ ᠬᠡᠪᠴᠢᠶᠡᠨ ᠳᠣᠲᠣᠷᠠᠬᠢ ᠭᠤᠤᠯᠳᠠᠯᠭ᠎ᠠ ᠲᠠᠢ ᠤᠯᠤᠰ ᠤᠨ | ᠥᠮᠴᠢᠯᠡᠯᠲᠦ ᠰᠢᠭᠤᠶᠢᠲᠤ ᠣᠷᠣᠨ ᠤ ᠬᠡᠪᠴᠢᠶᠡᠨ ᠳᠤ ᠬᠤᠯᠪᠣᠭᠳᠠᠬᠤ ᠡᠩ ᠤᠨ ᠨᠤᠭᠤ ᠭᠠᠵᠠᠷ ᠢ ᠡᠵᠡᠩᠨᠡᠯᠲᠡ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠠᠨᠠᠯ ᠢ | ᠠᠪᠬᠤ ᠬᠡᠷᠡᠭᠲᠡᠶ᠃ | ᠠᠷᠪᠠᠳᠤᠭᠠᠷ ᠵᠦᠢᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠰᠠᠯᠠᠭ᠎ᠠ ᠮᠥᠴᠢᠷ ᠨᠢ ᠡᠩ ᠤᠨ ᠨᠤᠭᠤ ᠭᠠᠵᠠᠷ ᠢ ᠡᠵᠡᠯᠡᠨ | ᠬᠡᠷᠡᠭᠯᠡᠬᠦ ᠳᠠᠩᠰᠠᠯᠠᠯᠲᠠ ᠶᠢᠨ ᠮᠠᠲ᠋ᠧᠷᠢᠶᠠᠯ ᠨᠢ ᠪᠦᠷᠢᠨ ᠭᠦᠢᠴᠡᠳ᠂ ᠨᠥᠬᠦᠴᠡᠯ ᠳᠤ ᠨᠡᠶᠢᠴᠡᠭᠰᠡᠨ ᠪᠠᠶᠢᠪᠠᠯ᠂ ︽ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ | ᠬᠡᠷᠡᠭᠯᠡᠬᠦ ᠶᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠤᠬᠠᠶ ᠶᠢᠨ ᠲᠠᠯᠠᠪᠤᠷ ᠤᠨ ᠪᠠᠶᠢᠴᠠᠭᠠᠨ ᠰᠢᠯᠭᠠᠬᠤ ᠮᠡᠷᠭᠡᠵᠢᠯ ᠤᠨ ᠵᠢᠷᠤᠮᠵᠢᠯ︾ ᠢᠶᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠠᠷᠪᠠᠨ ᠨᠢᠭᠡᠳᠦᠭᠡᠷ ᠵᠦᠢᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠰᠠᠯᠠᠭ᠎ᠠ ᠮᠥᠴᠢᠷ ᠨᠢ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠬᠡᠷᠡᠭᠯᠡᠬᠦ ᠪᠠᠷ ᠪᠠᠶᠢᠭ᠎ᠠ ᠡᠩ ᠤᠨ ᠨᠤᠭᠤ ᠭᠠᠵᠠᠷ ᠢ ᠡᠩ ᠤᠨ ᠨᠤᠭᠤ ᠭᠠᠵᠠᠷ ᠤᠨ ᠪᠠᠶᠢᠭ᠎ᠠ ᠰᠢᠶᠠᠩ ᠪᠠᠯᠭᠠᠰᠤᠨ ᠤ ᠬᠡᠪᠴᠢᠶᠡᠨ ᠳᠤ ᠡᠩ ᠤᠨ | ᠨᠤᠭᠤ ᠭᠠᠵᠠᠷ ᠤᠨ ᠬᠡᠷᠡᠭᠴᠡᠭᠡ᠂ ᠬᠦᠷᠢᠶ᠎ᠡ ᠬᠡᠪᠴᠢᠶ᠎ᠡ᠂ ᠲᠠᠯᠠᠪᠠᠢ ᠵᠡᠷᠭᠡ ᠠᠭᠤᠯᠭ᠎ᠠ ᠶᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠶᠢ 5 ᠠᠵᠢᠯᠯᠠᠬᠤ | ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠢᠯᠡ ᠨᠡᠶᠢᠲᠡᠯᠡᠭᠡᠳ ᠣᠨᠳᠣᠤ ᠰᠠᠨᠠᠯ ᠥᠬᠡᠶ ᠪᠥᠭᠡᠳ ᠳᠡᠭᠡᠷ᠎ᠡ ᠳᠤᠷᠠᠳᠤᠭᠰᠠᠨ ᠵᠦᠢᠯ ᠵᠤᠷᠪᠤᠰ ᠤᠨ ᠲᠣᠭᠲᠠᠭᠠᠯ ᠢ ᠬᠠᠩᠭᠠᠭᠰᠠᠨ ᠪᠠᠶᠢᠪᠠᠯ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠳᠡᠭᠡᠳᠦ ᠱᠠᠲᠤᠨ ᠤ ᠨᠤᠭᠤ ᠭᠠᠵᠠᠷ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠬᠡᠷᠡᠭᠯᠡᠭᠦᠯᠦᠨ᠎ᠡ᠃ | ᠠᠷᠪᠠᠨ ᠬᠤᠶᠠᠳᠤᠭᠠᠷ ᠵᠦᠢᠯ ᠲᠤᠰ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠤᠯᠤᠰ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠠᠴᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠡᠩ ᠤᠨ ᠨᠤᠭᠤ ᠭᠠᠵᠠᠷ ᠢ ᠬᠡᠷᠡᠭᠯᠡᠬᠦ ᠬᠠᠮᠢᠶ᠎ᠠ | ᠪᠥᠬᠦᠶ ᠬᠠᠮᠢᠶᠠᠷᠤᠯᠲᠠ ᠶᠢᠨ ᠲᠣᠭᠲᠠᠭᠠᠯ ᠢ ᠨᠡᠶᠢᠲᠡᠯᠡᠭᠰᠡᠨ ᠤ ᠳᠠᠷᠠᠭ᠎ᠠ᠂ ᠲᠣᠰ ᠲᠦᠷ ᠬᠡᠷᠡᠭᠵᠢᠭᠦᠯᠬᠦ ᠠᠷᠭ᠎ᠠ ᠶᠢ ᠥᠪᠡᠰᠦᠪᠡᠨ ᠬᠦᠴᠦᠨ ᠥᠬᠡᠶ ᠪᠣᠯᠭᠠᠨ᠎ᠠ᠃ | ᠠᠷᠪᠡᠨ ᠭᠤᠷᠪᠠᠳᠣᠭᠠᠷ ᠵᠦᠢᠯ ᠰᠢᠨ᠎ᠡ ᠲᠣᠠᠠᠳᠠᠭᠠᠯ ᠢ ᠨᠡᠶᠢᠳᠡᠯᠡᠭᠰᠡᠨ ᠤ ᠳᠡᠷᠠᠭ᠎ᠠ᠂ ᠲᠣᠰ ᠳᠥᠷ ᠭᠡᠷᠡᠭᠵᠢᠬᠦᠯᠬᠦ ᠠᠷᠭ᠎ᠠ ᠶᠢ ᠦᠨᠳᠣᠰᠣᠯᠡᠨ ᠡᠩ ᠤᠨ ᠨᠤᠭᠤ | ᠭᠠᠵᠡᠷ ᠢ ᠭᠡᠷᠡᠭᠯᠡᠬᠦ ᠶᠢ ᠵᠦᠪᠰᠢᠶᠡᠷᠡᠭᠰᠡᠨ ᠳᠥᠷᠦᠯ ᠵᠦᠢᠯ ᠢ ᠴᠠᠭ ᠲᠣᠬᠠᠢ ᠳᠤᠨᠢ ᠰᠢᠨ᠎ᠡ ᠲᠣᠠᠠᠳᠠᠭᠠᠯ ᠶᠣᠰᠣᠭᠠᠷ ᠭᠠᠵᠡᠷ ᠰᠢᠷᠦᠢ ᠭᠡᠷᠡᠭᠯᠡᠬᠦ ᠭᠠᠷᠳᠡᠮ ᠢ ᠬᠦᠢᠴᠡᠳᠭᠡᠨ᠎ᠠ | ᠃ | ᠲᠤᠰ ᠲᠦᠷ ᠬᠡᠷᠡᠭᠵᠢᠭᠦᠯᠬᠦ ᠠᠷᠭ᠎ᠠ ᠶᠢ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ | ᠲᠠᠶᠢᠯᠪᠤᠷᠢᠯᠠᠨ᠎ᠠ᠃ |