ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/10/29
    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︵ᠲᠦᠭᠦᠮᠴᠢᠯᠡᠭᠡᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠭᠡᠳᠡᠭ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠤᠯᠪᠣᠭᠳᠠᠯ ᠪᠥᠬᠦᠶ ᠠᠷᠠᠳ ᠤᠨ ᠶᠠᠪᠤᠳᠠᠯ ᠤᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ ᠶᠠᠪᠤᠳᠠᠯ ᠤᠨ ᠲᠤᠰᠬᠠᠶ ᠪᠡᠯᠡ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠲᠥᠷᠥᠯ ᠵᠦᠢᠯ ᠤᠨ ᠨᠥᠭᠡᠴᠡ ᠶᠢ ᠳᠡᠭᠡᠭᠰᠢ ᠮᠡᠳᠡᠭᠦᠯᠬᠦ ᠵᠢᠴᠢ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠬᠤᠶᠠᠷ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠩᠰᠠᠯᠠᠬᠤ᠂ ᠬᠠᠤᠯᠢ ᠬᠡᠷᠡᠭᠵᠢᠭᠦᠯᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠯᠲᠡ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠳᠡᠩᠰᠡᠯᠡᠨ ᠬᠠᠮᠢᠶᠠᠷᠬᠤ ᠪᠠ ᠬᠢᠨᠠᠨ ᠪᠠᠶᠢᠴᠠᠭᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠪᠦᠬᠦ ᠬᠤᠰᠢᠭᠤᠨ ᠤ ᠰᠢᠭᠤᠳ ᠳᠠᠩᠰᠠᠯᠠᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃    ︵ᠭᠤᠷᠪᠠ︶ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ ᠲᠤᠰᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠲᠡᠩᠬᠡᠷᠡᠭᠦᠯᠦᠨ ᠲᠤᠰᠠᠯᠠᠬᠤ ᠠᠵᠢᠯ ᠢ ᠵᠢᠯᠣᠭᠤᠳᠤᠨ᠎ᠠ᠃    ︵ᠲᠦᠷᠪᠡ︶ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃    ︵ᠲᠠᠪᠤ︶ ᠣᠷᠣᠨ ᠤ ᠬᠤᠪᠢᠶᠠᠷᠢᠯᠠᠯ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠬᠤᠪᠢᠷᠠᠯᠲᠠ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠰᠠᠨ ᠡᠷᠬᠡ ᠮᠡᠳᠡᠯ ᠢᠶᠠᠷ ᠢᠶᠠᠨ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠷᠤᠭ ᠤᠨ ᠶᠠᠪᠤᠳᠠᠯ᠂ ᠤᠷᠤᠰᠢᠭᠤᠯᠭ᠎ᠠ ᠶᠢᠨ ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠪᠤᠯᠤᠨ ᠦᠢᠯᠡᠴᠢᠯᠡᠬᠡᠨ ᠤ ᠲᠦᠷᠢᠮᠵᠢᠯ ᠤᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠵᠦ᠂ ᠤᠷᠤᠭ ᠤᠨ ᠵᠠᠩ ᠦᠢᠯᠡ᠂ ᠤᠷᠤᠰᠢᠭᠤᠯᠭ᠎ᠠ ᠶᠢᠨ ᠦᠬᠡᠷᠡᠴᠢᠯᠡᠯᠳᠡ ᠶᠢ ᠠᠬᠢᠭᠤᠯᠪᠠ᠃ ᠪᠥᠬᠦ ᠬᠤᠰᠢᠭᠤᠨ ᠤ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠤᠨ ᠠᠰᠠᠷᠠᠮᠵᠢ ᠶᠢᠨ ᠲᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃    ︵ᠳᠤᠯᠤᠭ᠎ᠠ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠪᠠᠳᠠᠨ ᠵᠢᠯᠣᠭᠤᠳᠴᠤ᠂ ᠬᠢᠨᠠᠨ ᠬᠠᠮᠢᠶᠠᠷᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃    ︵ᠨᠠᠢᠮᠠ︶ ᠬᠡᠤᠬᠡᠳ ᠤᠨ ᠠᠰᠠᠷᠠᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠦᠬᠡᠳ ᠤᠨ ᠠᠰᠠᠷᠠᠮᠵᠢ᠂ ᠥᠨᠥᠴᠢᠨ ᠵᠡᠮᠳᠡᠭ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ ᠲᠡᠵᠢᠭᠡᠬᠦ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ᠂ ᠰᠢᠭᠤᠶᠢᠲᠤ ᠣᠷᠣᠨ ᠤ ᠬᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠶ᠋ᠯᠡᠴᠢᠯᠡᠭᠡᠨ ᠤ ᠰᠢᠰᠲ᠋ᠧᠮ ᠪᠣᠯᠤᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠎ᠡ᠃    ︵ᠶᠢᠰᠦ︶ ᠨᠢᠭᠦᠯᠡᠰᠦᠩᠭᠦᠶ ᠶᠢᠨ ᠦᠢᠯᠡᠰ ᠪᠠ ᠨᠡᠶᠢᠭᠡᠮ ᠤᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠢᠯᠣᠭᠤᠳᠴᠤ᠂ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ