| ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︵ᠳᠥᠭᠦᠮᠴᠢᠯᠡᠭᠡᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ | ᠭᠡᠳᠡᠭ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠠᠯᠪᠠᠨ ᠬᠡᠷ ︵ᠬᠤᠰᠢᠭᠤᠨ ᠤ | ᠨᠠᠮ ᠤᠨ ᠬᠤᠷᠢᠶ᠎ᠠ ᠶᠢᠨ ᠬᠠᠤᠯᠢ ᠪᠠᠷ ᠬᠤᠰᠢᠭᠤ ᠪᠠᠨ ᠵᠠᠰᠠᠬᠤ ᠠᠯᠪᠠᠨ ᠬᠡᠷ︶ ᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠳᠣᠭᠢᠷᠠᠭᠤᠯᠵᠤ᠂ | ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠰᠢᠭᠤᠳ ᠤᠳᠤᠷᠢᠳᠤᠯᠭ᠎ᠠ ᠶᠢ ᠬᠦᠯᠢᠶᠡᠨ᠎ᠡ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠤᠬᠠᠶ ᠬᠠᠤᠯᠢ | ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠣᠨ ᠤ ᠠᠵᠢᠯ ᠤᠨ ᠭᠤᠤᠯᠳᠠᠯᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠬᠤᠶᠠᠷ︶ ᠬᠠᠤᠯᠢ ᠪᠠᠷ ᠬᠤᠰᠢᠭᠤ ᠪᠠᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠬᠤ ᠶᠢ ᠬᠠᠷᠢᠭᠤᠴᠠᠨ᠎ᠠ᠃ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ | ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠴᠠᠭᠤᠯᠤᠨ | ᠵᠣᠬᠢᠴᠠᠭᠤᠯᠵᠤ ᠪᠠᠶᠢᠭᠠᠳ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ | ᠳᠤᠷᠠᠳᠴᠤ᠂ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ | ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠡᠯ᠎ᠡ ᠰᠢᠶᠠᠩ | ᠪᠠᠯᠭᠠᠰᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ | ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠤ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ | ᠬᠠᠷᠢᠭᠤᠴᠠᠨ᠎ᠠ᠃ ᠬᠤᠰᠢᠭᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠬᠡᠷᠡᠭ ᠢ ᠭᠦᠢᠴᠡᠳᠭᠡᠬᠦ ᠶᠢ | ᠬᠠᠷᠢᠭᠤᠴᠠᠵᠤ᠂ ᠪᠤᠰᠤᠳ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ᠃ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠭᠤᠯᠵᠤ ᠬᠢᠨᠠᠨ ᠪᠠᠶᠢᠴᠠᠭᠠᠬᠤ ᠪᠠ ᠢᠯᠭᠠᠷᠠᠭᠤᠯᠬᠤ ᠠᠵᠢᠯ ᠢ ᠬᠠᠷᠢᠭᠤᠴᠠᠨ᠎ᠠ᠃ | ︵ᠲᠦᠷᠪᠡ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠲᠦᠮᠡᠨ ᠤ ᠣᠷᠣᠯᠴᠠᠯᠭ᠎ᠠ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠤᠨ᠎ᠠ᠃ ᠪᠥᠬᠦ ᠬᠤᠰᠢᠭᠤᠨ ᠤ | ᠬᠠᠤᠯᠢ ᠪᠠᠷ ᠵᠠᠰᠠᠬᠤ ᠪᠠ ᠬᠠᠤᠯᠢ ᠪᠠᠷ ᠵᠠᠰᠠᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ | ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠲᠠᠪᠤ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠵᠢᠯᠣᠭᠤᠳᠬᠤ ᠶᠢ | ᠬᠠᠷᠢᠭᠤᠴᠠᠨ᠎ᠠ᠃ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ ᠶᠢ ᠵᠢᠯᠣᠭᠤᠳᠤᠨ᠎ᠠ᠃ ᠪᠥᠬᠦ ᠬᠤᠰᠢᠭᠤᠨ ᠤ ᠨᠡᠶᠢᠭᠡᠮ ᠲᠣᠭᠤᠷᠢᠭ ᠤᠨ | ᠵᠠᠯᠠᠷᠠᠭᠤᠯᠭ᠎ᠠ ᠶᠢᠨ ᠠᠵᠢᠯ ᠢ ᠵᠢᠯᠣᠭᠤᠳᠤᠨ ᠬᠠᠮᠢᠶᠠᠷᠤᠨ᠎ᠠ᠃ ᠪᠥᠬᠦ ᠬᠤᠰᠢᠭᠤᠨ ᠤ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠢ | ᠬᠠᠪᠰᠤᠷᠤᠨ ᠰᠤᠷᠭᠠᠵᠤ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠪᠥᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶ᠋ᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ᠎ᠠ᠃ | ᠪᠥᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ | ᠨᠢᠭᠡᠳᠦᠯᠲᠡᠶ ᠲᠥᠯᠥᠪᠯᠡᠬᠦ ᠪᠠ ᠪᠠᠶᠢᠷᠢᠯᠠᠭᠤᠯᠤᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ | ᠠᠯᠪᠠᠨ ᠭᠡᠷᠡᠴᠢᠯᠡᠭᠡ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ᠃ | ᠪᠦᠬᠦ ᠬᠤᠰᠢᠭᠤᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠪᠠᠶᠢᠭᠤᠯᠬᠤ ᠵᠢᠴᠢ ᠬᠠᠤᠯᠢᠴᠢ ᠶᠢᠨ ᠠᠵᠢᠯ ᠡᠷᠬᠢᠯᠡᠬᠦ ᠶᠢ ᠬᠢᠨᠠᠨ ᠬᠠᠷᠭᠤᠭᠤᠯᠬᠤ ᠪᠠ ᠬᠢᠨᠠᠨ | ᠬᠠᠮᠢᠶᠠᠷᠬᠤ ᠠᠵᠢᠯ ᠢ ᠬᠠᠷᠢᠭᠤᠴᠠᠨ᠎ᠠ᠃ ᠬᠠᠤᠯᠢᠴᠢ ᠶᠢᠨ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠳᠤᠯᠤᠭ᠎ᠠ︶ ᠪᠥᠬᠦ ᠬᠤᠰᠢᠭᠤᠨ ᠤ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ | ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠲᠥᠯᠥᠪᠵᠢᠭᠦᠯᠵᠦ᠂ ᠵᠣᠬᠢᠴᠠᠭᠤᠯᠤᠨ ᠵᠢᠯᠣᠭᠤᠳᠤᠨ᠎ᠠ᠃ ᠪᠥᠬᠦ | ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ ᠪᠥᠬᠦ ᠬᠤᠰᠢᠭᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ᠂ ᠴᠠᠭᠳᠠᠭᠠᠨ ᠤ ᠶᠠᠪᠤᠳᠠᠯ ᠤᠨ ᠰᠢᠮᠳᠠᠭᠤᠯᠤᠨ ᠪᠠᠶᠢᠴᠠᠭᠠᠯᠲᠠ ᠵᠡᠷᠭᠡ | ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠦᠶ ᠶᠣᠰᠣᠨ ᠤ | ᠬᠠᠤᠯᠢ ᠬᠡᠷᠡᠭᠵᠢᠭᠦᠯᠬᠦ ᠡᠷᠬᠡ ᠠᠰᠢᠭ ᠢ ᠬᠠᠮᠠᠭᠠᠯᠠᠬᠤ ᠶᠢ ᠬᠠᠷᠢᠭᠤᠴᠠᠨ᠎ᠠ᠃ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠢ ᠬᠠᠮᠵᠢᠨ | ᠬᠠᠮᠢᠶᠠᠷᠴᠤ᠂ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠠᠵᠢᠯ ᠢ ᠵᠢᠯᠣᠭᠤᠳᠤᠨ᠎ᠠ᠃ | ︵ᠨᠠᠢᠮᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠲᠣᠨᠤᠭ ᠲᠥᠬᠦᠭᠡᠷᠦᠮᠵᠢ ᠶᠢᠨ ᠡᠳ᠋ ᠤᠨ ᠶᠠᠪᠤᠳᠠᠯ ᠤᠨ | ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ ᠪᠠ | ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ | ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠲᠣᠨᠤᠭ ᠲᠥᠬᠦᠭᠡᠷᠦᠮᠵᠢ᠂ ᠲᠠᠯᠠᠪᠤᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ︵ᠶᠢᠰᠦ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠲᠥᠯᠥᠪᠵᠢᠭᠦᠯᠬᠦ᠂ ᠬᠡᠷᠡᠭᠵᠢᠭᠦᠯᠬᠦ᠂ | ᠵᠢᠯᠣᠭᠤᠳᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠣᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠶ᠋ᠳᠪᠦᠷᠢᠯᠡᠬᠦ ᠪᠠ ᠶᠡᠷᠦᠩᠬᠡᠶᠢᠯᠡᠨ ᠵᠣᠬᠢᠴᠠᠭᠤᠯᠵᠤ ᠲᠣᠬᠢᠷᠠᠭᠤᠯᠬᠤ ᠠᠵᠢᠯ ᠢ ᠡᠭᠦᠷᠭᠡᠯᠡᠨ᠎ᠡ᠃ |