ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/10/29
    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠪᠣᠯᠬᠤ ᠪᠥᠭᠡᠳ ᠳᠡᠳ᠋ ᠭᠠᠵᠠᠷ ᠤᠨ ᠳᠡᠰ ᠤᠨ ᠨᠢᠭᠡᠴᠡ ᠪᠣᠯᠤᠨ᠎ᠠ᠃    ᠨᠢᠭᠡ᠂ ᠭᠤᠣᠯ ᠡᠭᠦᠷᠭᠡ ᠬᠠᠷᠢᠭᠤᠴᠠᠯᠭ᠎ᠠ    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠣᠷᠳᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠡᠷᠭᠢᠯᠡᠨ ᠬᠠᠮᠢᠶᠠᠷᠴᠤ ᠪᠠᠶᠢᠭ᠎ᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠᠶᠢᠵᠤ᠂ ᠪᠥᠬᠦ ᠬᠤᠰᠢᠭᠤᠨ ᠤ ᠬᠡᠪᠴᠢᠶᠡᠨ ᠳᠠᠬᠢ ᠳᠣᠲᠣᠭᠠᠳᠤ ᠶᠢ ᠬᠠᠮᠠᠭᠠᠯᠠᠬᠤ ᠠᠵᠢᠯ ᠢ ᠤᠳᠤᠷᠢᠳᠴᠤ ᠬᠠᠮᠢᠶᠠᠷᠤᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠨᠠᠮ ᠪᠠ ᠤᠯᠤᠰ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠪᠠᠶᠢᠴᠠᠭᠠᠵᠤ᠂ ᠬᠢᠨᠠᠯᠲᠠ ᠲᠠᠯᠪᠢᠨ᠎ᠠ᠃    ︵ᠬᠤᠶᠠᠷ︶ ᠲᠣᠭᠲᠠᠭᠤᠨ ᠪᠠᠶᠢᠬᠤ᠂ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠢ ᠨᠥᠯᠥᠭᠡᠯᠡᠬᠦ ᠪᠠ ᠨᠡᠶᠢᠭᠡᠮ ᠤᠨ ᠠᠮᠤᠷ ᠲᠦᠪᠰᠢᠨ ᠢ ᠬᠤᠬᠢᠷᠠᠭᠤᠯᠬᠤ ᠪᠠᠶᠢᠳᠠᠯ ᠢ ᠡᠵᠡᠮᠰᠢᠵᠦ᠂ ᠪᠠᠶᠢᠳᠠᠯ ᠢ ᠵᠠᠳᠠᠯᠵᠤ᠂ ᠠᠷᠭᠠᠴᠠᠬᠤ ᠪᠣᠳᠣᠯᠭ᠎ᠠ ᠲᠣᠭᠲᠠᠭᠠᠬᠤ ᠬᠡᠷᠡᠭᠲᠡᠶ᠃    ︵ᠭᠤᠷᠪᠠ︶ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ᠂ ᠬᠤᠷᠢᠭᠯᠠᠨ ᠵᠣᠭᠰᠣᠭᠠᠵᠤ᠂ ᠲᠤᠷᠰᠢᠨ ᠪᠠᠶᠢᠴᠠᠭᠠᠵᠤ᠂ ᠤᠯᠤᠰ ᠤᠨ ᠠᠮᠤᠷ ᠲᠦᠪᠰᠢᠨ ᠢ ᠬᠤᠬᠢᠷᠠᠭᠤᠯᠤᠭᠰᠠᠨ ᠬᠡᠷᠡᠭ᠂ ᠡᠷᠡᠭᠦᠦ ᠶᠢᠨ ᠬᠡᠷᠡᠭ᠂ ᠠᠵᠤ ᠠᠬᠤᠶ ᠶᠢᠨ ᠬᠡᠷᠡᠭ ᠵᠢᠴᠢ ᠬᠤᠤᠷᠠᠲᠤ ᠡᠳ᠋ ᠤᠨ ᠬᠡᠷᠡᠭ ᠢ ᠲᠠᠩᠨᠠᠬᠤ᠂ ᠮᠥᠷᠳᠡᠨ ᠪᠠᠶᠢᠴᠠᠭᠠᠬᠤ ᠠᠵᠢᠯ ᠢ ᠬᠠᠷᠢᠭᠤᠴᠠᠬᠤ ᠬᠡᠷᠡᠭᠲᠡᠶ᠃    ︵ᠲᠦᠷᠪᠡ︶ ᠨᠡᠶᠢᠭᠡᠮ ᠤᠨ ᠠᠮᠤᠷ ᠲᠥᠪᠰᠢᠨ ᠤ ᠡᠮᠬᠢ ᠵᠢᠷᠤᠮ ᠢ ᠬᠠᠮᠠᠭᠠᠯᠠᠵᠤ᠂ ᠨᠡᠶᠢᠭᠡᠮ ᠤᠨ ᠠᠮᠤᠷ ᠲᠥᠪᠰᠢᠨ ᠤ ᠡᠮᠬᠢ ᠵᠢᠷᠤᠮ ᠢ ᠬᠤᠬᠢᠷᠠᠭᠤᠯᠬᠤ ᠠᠵᠢᠯᠯᠠᠭ᠎ᠠ ᠶᠢ ᠬᠤᠷᠢᠭᠯᠠᠨ ᠵᠣᠭᠰᠤᠭᠠᠬᠤ ᠬᠡᠷᠡᠭᠲᠡᠢ᠃    ︵ᠲᠠᠪᠤ︶ ᠵᠠᠮ ᠬᠠᠷᠢᠯᠴᠠᠭᠠᠨ ᠤ ᠠᠮᠤᠷ ᠲᠦᠪᠰᠢᠨ ᠪᠠ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠵᠠᠮ ᠬᠠᠷᠢᠯᠴᠠᠭᠠᠨ ᠤ ᠠᠳᠡᠯ ᠢ ᠰᠢᠶ᠋ᠳᠪᠦᠷᠢᠯᠡᠨ᠂ ᠲᠡᠷᠭᠡ ᠬᠥᠰᠬᠡ ᠬᠢᠭᠡᠳ ᠵᠢᠯᠣᠭᠤᠴᠢ ᠶᠢᠨ ᠬᠠᠤᠯᠢ ᠶᠣᠰᠣᠭᠠᠷ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃    ︵ᠵᠢᠷᠭᠤᠭ᠎ᠠ︶ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠣᠭᠤᠳᠴᠤ᠂ ᠪᠠᠶᠢᠴᠠᠭᠠᠵᠤ᠂ ᠬᠢᠨᠠᠯᠲᠠ ᠲᠠᠯᠪᠢᠨ᠎ᠠ᠃    ︵ᠳᠤᠯᠤᠭ᠎ᠠ︶ ᠪᠥᠬᠦ ᠬᠤᠰᠢᠭᠤᠨ ᠤ ᠭᠤᠷᠪᠠᠨ ᠱᠠᠲᠤᠨ ᠤ ᠭᠠᠯ ᠤᠨᠲᠠᠷᠠᠭᠠᠬᠤ ᠨᠢᠭᠡᠴᠡ ᠶᠢ ᠵᠢᠯᠣᠭᠤᠳᠤᠨ ᠬᠢᠨᠠᠯᠲᠠ ᠲᠠᠯᠪᠢᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠨᠠᠢᠮᠠ︶ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠢ ᠬᠠᠮᠠᠭᠠᠯᠠᠬᠤ ᠠᠵᠢᠯ ᠵᠢᠴᠢ ᠬᠠᠮᠲᠤᠯᠢᠭ ᠤᠨ ᠴᠢᠨᠠᠷᠲᠠᠶ ᠠᠮᠤᠷ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠠᠮᠤᠷ ᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    ︵ᠶᠢᠰᠦ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠠᠵᠢᠯ ᠢ ᠵᠢᠯᠣᠭᠤᠳᠴᠤ᠂ ᠬᠢᠨᠠᠯᠲᠠ ᠲᠠᠯᠪᠢᠵᠤ᠂ ᠬᠡᠷᠡᠭᠵᠢᠭᠦᠯᠦᠨ᠎ᠡ᠃    ︵ᠠᠷᠪᠠ︶ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡᠯᠡᠭᠰᠡᠨ ᠭᠦᠢᠴᠡᠳᠬᠡᠬᠦ ᠡᠷᠡᠭᠦᠦ ᠶᠢ ᠵᠢᠯᠣᠭᠤᠳᠴᠤ ᠂ ᠬᠢᠨᠠᠯᠲᠠ ᠲᠠᠯᠪᠢᠵᠤ᠂ ᠬᠡᠷᠡᠭᠵᠢᠭᠦᠯᠦᠨ᠎ᠡ    ᠲᠣᠷᠭᠠᠬᠤ ᠪᠠ ᠬᠢᠨᠠᠯᠲᠠ ᠲᠠᠯᠪᠢᠬᠤ᠂ ᠰᠢᠯᠭᠠᠨ ᠪᠠᠶᠢᠴᠠᠭᠠᠬᠤ ᠠᠵᠢᠯ︔ ᠬᠤᠷᠢᠬᠤ ᠭᠠᠵᠠᠷ᠂ ᠠᠮᠤᠷ ᠢ ᠬᠠᠮᠠᠭᠠᠯᠠᠬᠤ ᠲᠦᠷ ᠬᠤᠷᠢᠬᠤ ᠭᠠᠵᠠᠷ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ᠂ ᠬᠡᠷᠡᠭᠵᠢᠭᠦᠯᠬᠦ ᠬᠡᠷᠡᠭᠲᠡᠢ    ︵ᠠᠷᠪᠠᠨ ᠨᠢᠭᠡ︶ ᠬᠢᠯᠢ ᠠᠴᠠ ᠭᠠᠷᠬᠤ᠂ ᠬᠢᠯᠢ ᠪᠠᠷ ᠣᠷᠣᠬᠤ ᠭᠠᠷᠬᠤ ᠪᠠ ᠭᠠᠳᠠᠭᠠᠳᠤ ᠶᠢᠨ ᠬᠥᠮᠦᠨ ᠤ ᠮᠠᠨ ᠤ ᠬᠤᠰᠢᠭᠤᠨ ᠳᠤ ᠣᠷᠣᠰᠢᠨ ᠰᠠᠭᠤᠬᠤ᠂ ᠵᠢᠭᠤᠯᠴᠢᠯᠠᠬᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ᠠᠷᠪᠠᠨ ᠬᠤᠶᠠᠷ︶ ᠡᠷᠦᠬᠡ ᠠᠮᠠ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠤᠤ ᠵᠡᠪᠰᠡᠭ ᠰᠤᠮᠤ ᠳᠠᠷᠢ᠂ ᠵᠠᠬᠢᠷᠤᠨ ᠬᠠᠮᠢᠶᠠᠷᠬᠤ ᠢᠷᠲᠦ ᠪᠠᠭᠠᠵᠢ ᠪᠠ ᠨᠣᠴᠣᠮᠠᠲᠠᠭᠠᠶ ᠲᠡᠰᠦᠷᠡᠮᠡᠲᠡᠭᠡᠶ᠂ ᠳᠣᠭᠰᠢᠨ ᠬᠤᠤᠷᠠᠲᠠᠶ᠂ ᠰᠠᠴᠤᠷᠠᠭ ᠴᠢᠨᠠᠷᠲᠠᠶ ᠵᠡᠷᠭᠡ ᠠᠶᠤᠯᠲᠠᠶ ᠡᠳ᠋ ᠪᠣᠯᠤᠨ ᠣᠨᠴᠠ ᠲᠥᠷᠥᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ᠃    ︵ᠠᠷᠪᠠᠨ ᠭᠤᠷᠪᠠ︶ ᠬᠤᠷᠠᠯ ᠴᠤᠭᠯᠠᠭ᠎ᠠ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠠᠵᠢᠯᠯᠠᠭ᠎ᠠ ᠶᠢ ᠬᠠᠤᠯᠢ ᠶᠣᠰᠣᠭᠠᠷ ᠬᠠᠮᠢᠶᠠᠷᠬᠤ ᠬᠡᠷᠡᠭᠲᠡᠶ᠃    ︵ᠠᠷᠪᠠᠨ ᠳᠥᠷᠪᠡᠳᠦᠭᠡᠷ︶ ᠤᠯᠤᠰ ᠠᠴᠠ ᠲᠣᠭᠲᠠᠭᠠᠭᠰᠠᠨ ᠣᠨᠴᠠ ᠲᠣᠭᠲᠠᠭᠰᠠᠨ ᠬᠦᠮᠦᠰ ᠢ ᠬᠠᠮᠠᠭᠠᠯᠠᠬᠤ ᠴᠢᠬᠤᠯᠠ ᠲᠠᠯᠠᠪᠤᠷ ᠪᠣᠯᠤᠨ ᠲᠥᠬᠦᠭᠡᠷᠦᠮᠵᠢ ᠶᠢ ᠬᠠᠮᠠᠭᠠᠯᠠᠵᠤ᠃    ︵ᠠᠷᠪᠠᠨ ᠲᠠᠪᠤ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠤ ᠲᠠᠯ᠎ᠠ ᠶᠢᠨ ᠪᠠᠲᠤᠯᠠᠭ᠎ᠠ ᠶᠢ ᠬᠠᠷᠢᠭᠤᠴᠠᠨ᠎ᠠ᠃    ︵ᠠᠷᠪᠠᠨ ᠵᠢᠷᠭᠤᠭ᠎ᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯᠲᠠᠨ ᠤ ᠪᠣᠯᠪᠠᠰᠤᠷᠠᠭᠤᠯᠤᠯ᠂ ᠬᠥᠮᠦᠵᠢᠯ ᠵᠢᠴᠢ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢᠨ ᠴᠢᠭᠯᠡᠯᠲᠡ ᠪᠠ ᠲᠥᠯᠥᠪᠵᠢᠭᠦᠯᠭᠡ ᠶᠢ ᠲᠣᠭᠲᠠᠭᠠᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ ᠬᠢᠨᠠᠯᠲᠠ ᠲᠠᠯᠪᠢᠨ᠎ᠠ︔ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠺᠠᠳ᠋ᠷ ᠢ ᠲᠣᠮᠢᠯᠠᠨ ᠬᠡᠷᠡᠭᠯᠡᠨ᠎ᠡ᠃    ︵ᠠᠷᠪᠠᠨ ᠳᠣᠯᠤᠭ᠎ᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠦᠷᠢᠮ ᠲᠣᠭᠲᠠᠭᠠᠯ ᠢ ᠲᠣᠭᠲᠠᠭᠠᠵᠤ᠂ ᠡᠩᠨᠡᠭᠡ ᠶᠢᠨ ᠣᠳᠣᠬᠢ ᠪᠠᠶᠢᠳᠠᠯ ᠢ ᠵᠠᠳᠠᠯᠵᠤ᠂ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠺᠠᠳ᠋ᠷᠴᠤᠳ ᠲᠤ ᠬᠠᠮᠢᠶᠠᠷᠤᠯᠲᠠ ᠪᠠ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ︔ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠠᠤᠯᠢ ᠰᠠᠬᠢᠯᠭ᠎ᠠ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃    ︵ᠠᠷᠪᠠᠨ ᠨᠠᠶᠢᠮᠠ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ ᠭᠦᠶ᠋ᠴᠡᠳᠬᠡᠨ᠎ᠡ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ