ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/10/29
ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︵ᠳᠥᠭᠦᠮᠴᠢᠯᠡᠭᠡᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠡᠳᠡᠭ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠳ᠋ ᠤᠨ ᠵᠠᠰᠠᠭ ᠭᠠᠶᠢᠯᠢ ᠶᠢᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠣᠯᠤᠨ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠷᠸ᠎ᠠ ᠠᠵᠤ ᠠᠬᠤᠶ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠥᠬᠦ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠢᠱᠢᠭᠰᠡᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠨ᠎ᠠ᠃ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠨ ᠠᠵᠤ ᠠᠬᠤᠶ ᠶᠢᠨ ᠡᠳ᠋ ᠤᠨ ᠬᠦᠴᠦᠨ ᠢ ᠲᠣᠬᠢᠷᠠᠭᠤᠯᠬᠤ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ ᠰᠠᠨᠠᠭᠤᠯᠭ᠎ᠠ ᠶᠢ ᠳᠤᠷᠠᠳᠴᠤ᠂ ᠡᠯ᠎ᠡ ᠰᠢᠶᠠᠩ ᠪᠠᠯᠭᠠᠰᠤᠨ ᠤ ᠡᠳ᠋ ᠤᠨ ᠵᠠᠰᠠᠭ ᠤᠨ ᠬᠤᠪᠢᠶᠠᠷᠢᠯᠠᠯᠲᠠ ᠶᠢᠨ ᠠᠷᠭ᠎ᠠ ᠶᠢ ᠲᠣᠭᠲᠠᠭᠠᠨ᠎ᠠ ᠪᠥᠬᠦ ᠬᠤᠰᠢᠭᠤᠨ ᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠦᠷᠢᠮ ᠢ ᠲᠣᠭᠲᠠᠭᠠᠨ᠎ᠠ᠃    ︵ᠬᠤᠶᠠᠷ ᠲᠤ᠂ ᠬᠤᠰᠢᠭᠤᠨ ᠲᠣᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠠᠷᠢᠭᠤᠴᠠᠨ ᠬᠠᠮᠢᠶᠠᠷᠤᠨ᠎ᠠ᠃ ᠪᠦᠬᠦ ᠬᠤᠰᠢᠭᠤᠨ ᠤ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ᠎ᠠ᠃ ᠬᠤᠰᠢᠭᠤᠨ ᠲᠣᠰ ᠱᠠᠲᠤᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠲᠣᠭᠲᠠᠭᠰᠠᠨ ᠲᠤᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠢᠨᠠᠨ ᠬᠠᠷᠭᠤᠭᠤᠯᠵᠤ ᠴᠤᠬᠤᠯᠠᠪᠤᠷᠢᠯᠠᠬᠤ ᠶᠢ ᠬᠠᠷᠢᠭᠤᠴᠠᠨ᠎ᠠ᠃︶ ᠣᠨ ᠤ ᠲᠥᠰᠥᠪ ᠪᠠ ᠲᠥᠰᠥᠪ ᠤᠨ ᠭᠦᠢᠴᠡᠳᠭᠡᠯ᠃ ᠬᠤᠰᠢᠭᠤᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂ ᠬᠡᠷᠡᠭᠵᠢᠭᠦᠯᠦᠯᠲᠡ ᠪᠠ ᠲᠥᠰᠦᠪ ᠤᠨ ᠭᠦᠢᠴᠡᠳᠬᠡᠯ ᠵᠡᠷᠭᠡ ᠪᠠᠶᠢᠳᠠᠯ ᠢ ᠮᠡᠳᠡᠭᠦᠯᠦᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠤᠰᠢᠭᠤᠨ ᠡᠳ᠋ ᠤᠨ ᠵᠠᠰᠠᠭ ᠤᠨ ᠪᠡᠯᠡ ᠭᠠᠷᠭᠠᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠲᠣᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ ᠬᠤᠰᠢᠭᠤ ᠪᠣᠯᠤᠨ ᠰᠢᠶᠠᠩ ᠪᠠᠯᠭᠠᠰᠤᠨ ᠤ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠣᠳᠣᠬᠤ ᠶᠠᠪᠤᠳᠠᠯ ᠢ ᠭᠦᠢᠴᠡᠳᠬᠡᠨ᠎ᠡ᠃    ︵ᠭᠤᠷᠪᠠ︶ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠷᠭ᠎ᠠ ᠶᠢ ᠬᠡᠷᠡᠭᠵᠢᠭᠦᠯᠵᠦ᠂ ᠰᠤᠭᠤᠯᠤᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠲᠣᠭᠲᠠᠭᠠᠯ ᠶᠣᠰᠣᠭᠠᠷ ᠬᠤᠨᠵᠢᠪᠤᠷᠢᠲᠤ ᠰᠤᠭᠤᠯᠤᠭ᠎ᠠ ᠶᠢᠨ ᠪᠡᠯᠡ ᠮᠥᠩᠭᠦ ᠶᠢ ᠬᠠᠮᠢᠶᠠᠷᠬᠤ ᠬᠡᠷᠡᠭᠲᠡᠶ᠃    ︵ᠲᠦᠷᠪᠡ︶ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠲᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠪᠥᠬᠦ ᠬᠤᠰᠢᠭᠤᠨ ᠤ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠠᠮᠢᠶᠠᠷᠤᠨ᠎ᠠ᠃    ︵ᠲᠠᠪᠤ︶ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷ ᠲᠤᠭ᠎ᠠ ᠪᠠᠷ ᠬᠠᠮᠢᠶᠠᠷᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃    ︵ᠵᠢᠷᠭᠤᠭ᠎ᠠ︶ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠬᠤᠰᠢᠭᠤᠨ ᠤ ᠲᠣᠰ ᠱᠠᠲᠤᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠶ ᠭᠦᠢᠴᠡᠳᠬᠡᠵᠦ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠮᠡᠳᠡᠭᠦᠯᠬᠦ ᠲᠦᠷᠢᠮ ᠢ ᠪᠠᠶᠢᠭᠤᠯᠤᠨ᠎ᠠ᠃ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠪᠣᠯᠤᠨ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠯᠳᠤᠨ ᠬᠠᠮᠵᠢᠯᠴᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠤᠷᠰᠢᠯᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠵᠤ᠂ ᠬᠤᠰᠢᠭᠤᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃    ︵ᠳᠤᠯᠤᠭ᠎ᠠ︶ ᠬᠤᠰᠢᠭᠤᠨ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠠᠵᠢᠯ ᠢ ᠬᠠᠷᠢᠭᠤᠴᠠᠨ᠎ᠠ᠃ ᠬᠤᠰᠢᠭᠤᠨ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠬᠤ ᠶᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠤᠰᠢᠭᠤᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠠᠰᠢᠭ ᠣᠷᠣᠯᠭ᠎ᠠ ᠶᠢ ᠬᠤᠷᠢᠶᠠᠨ᠎ᠠ᠃    ︵ᠨᠠᠢᠮᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠠᠵᠢᠯ ᠢ ᠬᠠᠷᠢᠭᠤᠴᠠᠨ᠎ᠠ᠃ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠪᠡᠯᠡ ᠮᠥᠩᠭᠦ ᠰᠠᠭᠤᠷᠢ ᠮᠥᠩᠭᠦ ᠶᠢ ᠨᠠᠶᠢᠳᠠᠪᠤᠷᠢᠵᠢᠭᠤᠯᠬᠤ︶ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠨᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ