ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/10/29
    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ︵ᠳᠥᠭᠦᠮᠴᠢᠯᠡᠭᠡᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠵᠢᠴᠢ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠣᠯᠤᠨ ᠲᠤᠭ᠎ᠠ ᠪᠦᠷᠢᠳᠬᠡᠯ ᠤᠨ ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠯᠲᠡ ᠬᠢᠬᠦ ᠬᠡᠷᠡᠭᠲᠡᠢ᠃ ᠰᠢᠶᠠᠩ ᠪᠠᠯᠭᠠᠰᠤᠨ ᠤ ᠬᠤᠯᠪᠣᠭᠳᠠᠯ ᠪᠦᠬᠦᠢ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃    ︵ᠬᠤᠶᠠᠷ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠰᠢᠰᠲ᠋ᠧᠮ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠲᠦᠷᠢᠮ ᠪᠠ ᠪᠥᠬᠦ ᠬᠤᠰᠢᠭᠤᠨ ᠤ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠮᠠᠲ᠋ᠧᠷᠢᠶᠠᠯ ᠢ ᠡᠮᠬᠢᠳᠬᠡᠵᠦ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠠᠵᠢᠯ ᠢ ᠬᠢᠨᠠᠨ ᠬᠠᠮᠢᠶᠠᠷᠤᠨ᠎ᠠ᠃    ︵ᠭᠤᠷᠪᠠ︶ ᠪᠥᠬᠦ ᠬᠤᠰᠢᠭᠤᠨ ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠵᠡᠷᠭᠡ ᠴᠢᠬᠤᠯᠠ ᠶᠡᠭᠡ ᠬᠤᠰᠢᠭᠤᠨ ᠤ ᠪᠠᠶᠢᠳᠠᠯ ᠬᠤᠰᠢᠭᠤᠨ ᠤ ᠬᠦᠴᠦᠨ ᠤ ᠲᠤᠰᠬᠠᠶ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠬᠤᠰᠢᠭᠤᠨ ᠤ ᠪᠠᠶᠢᠳᠠᠯ ᠬᠤᠰᠢᠭᠤᠨ ᠤ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤᠨ ᠤ ᠪᠠᠶᠢᠳᠠᠯ ᠤᠨ ᠲᠠᠯ᠎ᠠ ᠶᠢᠨ ᠬᠠᠮᠢᠶ᠎ᠠ ᠪᠦᠬᠦᠢ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠬᠤᠶᠢᠯᠠᠨ ᠡᠮᠬᠢᠳᠬᠡᠬᠦ ᠪᠠ ᠬᠠᠩᠬᠠᠨ᠎ᠠ᠃    ︵ᠲᠦᠷᠪᠡ︶ ᠲᠤᠭ᠎ᠠ ᠪᠦᠷᠢᠳᠬᠡᠯ ᠤᠨ ᠬᠤᠷᠢᠶᠠᠩᠭᠤᠶᠢᠯᠠᠯ ᠪᠠ ᠲᠤᠭ᠎ᠠ ᠪᠠᠷᠢᠮᠲᠠ ᠬᠠᠩᠭᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠣᠶ ᠰᠢᠭᠤᠶ ᠮᠠᠯ ᠠᠵᠤ ᠠᠬᠤᠶ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠡᠨᠧᠷᠭᠢ᠂ ᠪᠠᠯᠠ ᠣᠷᠣᠭᠤᠯᠤᠯᠲᠠ ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠠᠮᠠ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠶᠢ ᠪᠦᠷᠢᠳᠬᠡᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ ᠡᠮᠬᠢᠳᠬᠡᠨ ᠬᠠᠩᠭᠠᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ᠂ ᠰᠢᠦᠳᠠᠨ᠂ ᠵᠢᠭᠤᠯᠴᠢᠯᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠦᠢᠯᠡᠰ᠂ ᠡᠬᠢ ᠪᠠᠶᠠᠯᠢᠭ᠂ ᠭᠡᠷ ᠪᠠᠶᠢᠰᠢᠩ᠂ ᠭᠠᠳᠠᠭᠠᠳᠤ ᠠᠷᠠᠯᠵᠢᠶ᠎ᠠ ᠵᠡᠷᠭᠡ ᠰᠠᠯᠠᠭ᠎ᠠ ᠮᠥᠴᠢᠷ ᠤᠨ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠡᠮᠬᠢᠳᠬᠡᠬᠦ ᠪᠠ ᠬᠠᠩᠭᠠᠬᠤ ᠬᠡᠷᠡᠭᠲᠡᠶ᠃    ︵ᠲᠠᠪᠤ︶ ᠦᠨᠳᠦᠰᠦᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠪᠠ ᠡᠬᠢ ᠪᠠᠶᠠᠯᠢᠭ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃ ᠪᠦᠬᠦ ᠬᠤᠰᠢᠭᠤᠨ ᠤ ᠴᠢᠨᠠᠷᠲᠠᠢ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠢ ᠬᠢᠨᠠᠨ ᠲᠣᠭᠲᠠᠭᠠᠵᠤ᠂ ᠬᠠᠮᠢᠶᠠᠷᠴᠤ᠂ ᠨᠡᠶᠢᠲᠡᠯᠡᠨ᠎ᠡ᠃ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃    ︵ᠵᠢᠷᠭᠤᠭ᠎ᠠ︶ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠳᠤ ᠪᠦᠷᠢᠳᠬᠡᠨ ᠵᠠᠳᠠᠯᠬᠤ᠂ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠪᠠ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠵᠥᠪᠯᠡᠯᠭᠡ ᠥᠭᠬᠦ ᠰᠠᠨᠠᠭᠤᠯᠭ᠎ᠠ ᠬᠠᠩᠭᠠᠨ᠎ᠠ᠃    ︵ᠳᠤᠯᠤᠭ᠎ᠠ︶ ᠲᠤᠭ᠎ᠠ ᠪᠦᠷᠢᠳᠬᠡᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠂ ᠡᠯ᠎ᠡ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠵᠤ᠂ ᠲᠤᠰᠬᠠᠶ ᠠᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠥᠲᠥᠭᠡᠨ ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠭᠠᠳᠠᠭᠠᠳᠤ ᠳᠤ ᠬᠤᠯᠪᠣᠭᠳᠠᠬᠤ ᠪᠠᠶᠢᠴᠠᠭᠠᠯᠲᠠ ᠶᠢᠨ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃    ︵ᠨᠠᠢᠮᠠ︶ ᠲᠤᠭ᠎ᠠ ᠪᠦᠷᠢᠳᠬᠡᠯ ᠤᠨ ᠡᠩᠨᠡᠭᠡᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ ᠶᠢᠨ ᠲᠤᠭ᠎ᠠ ᠪᠦᠷᠢᠳᠬᠡᠯ ᠤᠨ ᠠᠵᠢᠯ ᠤᠨ ᠭᠤᠤᠯ ᠬᠠᠷᠢᠭᠤᠴᠠᠯᠭᠠᠲᠠᠨ ᠢ ᠬᠠᠪᠰᠤᠷᠤᠨ᠎ᠠ᠃ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠺᠠᠳ᠋ᠷ ᠤᠨ ᠪᠣᠯᠪᠠᠰᠤᠷᠠᠭᠤᠯᠤᠯ᠂ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ︵ᠶᠢᠰᠦ︶ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠬᠤ ᠶᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃    ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ