ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠪᠠᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/10/29
    ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︵ᠳᠥᠭᠦᠮᠴᠢᠯᠡᠭᠡᠳ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠨᠢᠭᠡᠳᠦᠯᠲᠡᠶ ᠲᠥᠯᠥᠪᠯᠡᠬᠦ ᠣᠷᠣᠨ ᠤ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠢᠭᠡᠳᠦᠯᠲᠡᠶ ᠲᠥᠯᠥᠪᠯᠡᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃    ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠨᠢᠭᠡᠳᠦᠯᠲᠡᠶ ᠲᠥᠯᠥᠪᠯᠡᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠲᠣᠬᠢᠷᠠᠭᠤᠯᠤᠯᠲᠠ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢ ᠲᠡᠩᠴᠡᠭᠦᠷᠢᠲᠡᠶ ᠪᠠᠶᠢᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠯᠦᠭᠡ ᠬᠠᠷᠢᠯᠴᠠᠨ ᠵᠣᠬᠢᠴᠠᠯᠳᠤᠭᠰᠠᠨ ᠣᠯᠭᠤᠮᠵᠢ ᠶᠢ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠡᠷᠡᠭᠵᠢᠭᠦᠯᠦᠨ᠎ᠡ᠃    ︵ᠲᠦᠷᠪᠡ︶ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠢᠭᠤᠯᠤᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡᠷ ᠤᠨ ᠲᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃    ︵ᠲᠠᠪᠤ︶ ᠡᠮᠴᠢᠯᠡᠭᠡᠨ ᠤ ᠦᠶ᠋ᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠤᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮᠴᠢᠯᠡᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃    ︵ᠵᠢᠷᠭᠤᠭ᠎ᠠ︶ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠮ ᠤᠨ ᠵᠦᠶ᠋ᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮ ᠤᠨ ᠵᠦᠶ᠋ᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠮᠠᠨᠠᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠶ᠋ᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃    ︵ᠳᠤᠯᠤᠭ᠎ᠠ︶ ᠡᠮ ᠡᠮᠨᠡᠯᠭᠡ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠣᠲᠣᠷᠠᠬᠢ ᠡᠮ ᠡᠮᠨᠡᠯᠭᠡ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮ ᠡᠮᠨᠡᠯᠭᠡ ᠶᠢᠨ ᠵᠠᠷᠤᠳᠠᠯ ᠳᠤ ᠬᠢᠨᠠᠯᠲᠠ ᠲᠠᠯᠪᠢᠨ ᠬᠠᠮᠢᠶᠠᠷᠴᠤ᠂ ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ︵ᠨᠠᠢᠮᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠬᠠᠮᠢᠶᠠᠷᠤᠯᠲᠠ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃    ︵ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠ︶ ᠡᠭᠦᠷᠭᠡ ᠴᠢᠳᠠᠪᠤᠷᠢ ᠶᠢ ᠬᠤᠪᠢᠷᠠᠬᠤᠯᠬᠤ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠣᠯᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠤᠯᠠᠨ ᠲᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨ ᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ