ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/10/29
    ᠨᠢᠭᠡᠳᠦᠭᠡᠷ ᠵᠦᠢᠯ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢ ᠵᠢᠷᠤᠮᠵᠢᠭᠤᠯᠵᠤ᠂ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠠᠬᠢᠭᠤᠯᠬᠤ ᠶᠢᠨ ᠲᠤᠰᠠᠳᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠰᠢᠭᠤᠨ ᠤ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠳᠥᠭᠦᠮᠴᠢᠯᠡᠭᠡᠳ ᠬᠤᠰᠢᠭᠤᠨ ᠤ ᠵᠠᠰᠠᠭ ᠤᠨ ᠲᠤᠭ᠎ᠠ ᠶᠢᠨ ᠲᠣᠪᠴᠢᠶ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃    ᠭᠤᠷᠪᠠᠳᠤᠭᠠᠷ ᠵᠦᠢᠯ ᠤᠤᠯ ᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠶᠢ ᠬᠤᠰᠢᠭᠤᠨ ᠤ ᠵᠠᠰᠠᠭ ᠤᠨ ᠶᠠᠪᠤᠳᠠᠯ ᠤᠨ ᠲᠣᠪᠴᠢᠶ᠎ᠠ ᠳᠤ ᠬᠤᠪᠢᠶᠠᠷᠢᠯᠠᠨ᠎ᠠ᠃    ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ ᠮᠡᠳᠡᠭᠡ ᠵᠠᠩᠭᠢᠵᠢᠯᠲᠠ ᠶᠢ ᠵᠣᠬᠢᠴᠠᠭᠤᠯᠤᠨ ᠠᠬᠢᠭᠤᠯᠬᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠠᠵᠢᠯ ᠲᠥᠷᠥᠯ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠬᠤ ᠵᠡᠷᠭᠡ ᠡᠭᠦᠷᠭᠡ ᠬᠠᠷᠢᠭᠤᠴᠠᠯᠭ᠎ᠠ ᠶᠢ ᠬᠤᠰᠢᠭᠤᠨ ᠤ ᠵᠠᠰᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ᠂ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠬᠤᠰᠢᠭᠤᠨ ᠤ ᠵᠠᠰᠠᠭ ᠤᠨ ᠲᠣᠭᠠᠨ ᠤ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃    ᠳᠥᠷᠪᠡᠳᠦᠭᠡᠷ ᠵᠦᠢᠯ ᠲᠣᠰ ᠲᠣᠭᠲᠠᠭᠠᠯ ᠳᠤ ᠲᠣᠭᠲᠠᠭᠠᠭᠰᠠᠨ ᠭᠤᠤᠯ ᠡᠭᠦᠷᠭᠡ ᠬᠠᠷᠢᠭᠤᠴᠠᠯᠭ᠎ᠠ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠣᠷᠣᠨ ᠲᠤᠭ᠎ᠠ ᠵᠡᠷᠭᠡ ᠪᠣᠯ ᠬᠤᠰᠢᠭᠤᠨ ᠤ ᠵᠠᠰᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠡᠷᠬᠡ ᠮᠡᠳᠡᠯ᠂ ᠠᠵᠢᠯᠲᠠᠨ ᠤ ᠲᠣᠬᠢᠷᠠᠭᠤᠯᠤᠯᠲᠠ ᠪᠠ ᠠᠵᠢᠯ ᠤᠨ ᠠᠵᠢᠯᠯᠠᠭᠠᠨ ᠤ ᠦᠨᠳᠦᠰᠦᠨ ᠦᠨᠳᠦᠰᠦᠯᠡᠯ ᠪᠣᠯᠤᠨ᠎ᠠ᠃    ᠲᠠᠪᠤᠳᠤᠭᠠᠷ ᠵᠦᠶ᠋ᠯ ᠬᠤᠰᠢᠭᠤᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠶᠠᠪᠤᠴᠠ ᠳᠤ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠬᠡᠷᠡᠭ ᠶᠠᠪᠤᠳᠠᠯ ᠤᠨ ᠳᠤᠮᠳᠠ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠬᠡᠷᠡᠭᠲᠡᠶ᠃ ᠭᠤᠤᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ᠂ ᠲᠣᠭᠠᠴᠢᠯᠠᠭᠰᠠᠨ ᠵᠠᠰᠠᠭ ᠤᠨ ᠣᠷᠳᠣᠨ᠂ ᠲᠣᠭᠠᠴᠢᠯᠠᠭᠰᠠᠨ ᠠᠵᠤ ᠠᠬᠤᠢ᠂ ᠲᠣᠭᠠᠴᠢᠯᠠᠭᠰᠠᠨ ᠨᠡᠶᠢᠭᠡᠮ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠠᠵᠢᠯ ᠵᠢᠴᠢ ᠲᠤᠰ ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠪᠠ᠃    ︵ᠬᠤᠶᠠᠷ︶ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠴᠤ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠰᠢᠮᠳᠠᠭᠤᠯᠵᠤ ᠪᠠᠶᠢᠭᠠᠳ ᠬᠠᠮᠢᠶ᠎ᠠ ᠪᠥᠬᠦᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃    ︵ᠭᠤᠷᠪᠠ︶ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠠᠬᠢᠭᠤᠯᠬᠤ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠤᠭᠴᠠᠵᠢᠭᠤᠯᠬᠤ ᠶᠢ ᠠᠬᠢᠭᠤᠯᠤᠨ᠂ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠰᠠᠯᠠᠭ᠎ᠠ ᠮᠥᠴᠢᠷ ᠢ ᠵᠣᠬᠢᠴᠠᠭᠤᠯᠤᠨ ᠠᠬᠢᠭᠤᠯᠬᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠵᠡᠷᠭᠡ ᠰᠠᠭᠤᠷᠢ ᠨᠠᠷᠢᠨ ᠲᠠᠩᠰᠠ ᠶᠢ ᠪᠠᠷᠢᠮᠵᠢᠶᠠᠵᠢᠭᠤᠯᠬᠤ ᠪᠠ ᠬᠠᠮᠢᠶ᠎ᠠ ᠪᠥᠬᠦᠶ ᠲᠦᠷᠢᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠠᠮᠢᠶ᠎ᠠ ᠪᠥᠬᠦᠶ ᠠᠵᠢᠯ ᠢ ᠲᠥᠯᠥᠪᠵᠢᠭᠦᠯᠦᠨ ᠵᠢᠯᠣᠭᠤᠳᠴᠤ᠂ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠂ ︽ᠬᠠᠷᠢᠯᠴᠠᠨ ᠬᠤᠯᠪᠣᠭᠠᠯᠠᠵᠤ ᠬᠢᠨᠠᠨ ᠬᠠᠮᠢᠶᠠᠷᠬᠤ︾ ᠬᠡᠷᠡᠭᠯᠡᠯᠲᠡ ᠶᠢ ᠠᠬᠢᠭᠤᠯᠵᠤ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃    ︵ᠲᠦᠷᠪᠡ︶ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ᠃    ︵ᠲᠠᠪᠤ︶ ᠪᠥᠬᠦ ᠬᠤᠰᠢᠭᠤᠨ ᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠪᠠ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ᠳ᠋ᠠᠶᠢᠲ᠋ᠠ ᠶᠢᠨ ᠡᠬᠢ ᠪᠠᠶᠠᠯᠢᠭ ᠢ ᠲᠥᠷᠥᠯ ᠬᠤᠪᠢᠶᠠᠨ ᠱᠠᠲᠤ ᠬᠤᠪᠢᠶᠠᠨ ᠬᠠᠮᠢᠶᠠᠷᠬᠤ ᠶᠢ ᠵᠣᠬᠢᠴᠠᠭᠤᠯᠤᠨ ᠠᠬᠢᠭᠤᠯᠵᠤ᠂ ᠣᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠠᠵᠢᠯ ᠲᠥᠷᠥᠯ ᠠᠯᠤᠰᠯᠠᠨ ᠰᠠᠯᠠᠭ᠎ᠠ ᠮᠥᠴᠢᠷ ᠠᠯᠤᠰᠯᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃
ᠢᠷᠡᠯᠲᠡ᠄ ᠤᠷᠴᠤᠨ ᠤ ᠦᠪᠡᠷᠲᠡᠭᠡᠨ ᠵᠠᠰᠠᠬᠤ ᠬᠤᠰᠢᠭᠤ